ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠬᠢᠨᠠᠨ ᠪᠣᠳᠣᠬᠤ ᠡᠩᠨᠡᠭᠡᠨ ᠤ ᠢᠯᠵᠠᠷᠠᠯ ᠢ ᠡᠰᠡᠷᠭᠦᠴᠡᠨ | ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠬᠠᠰᠢᠯᠭ᠎ᠠ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠢᠨᠠᠨ ᠪᠣᠳᠣᠬᠤ ᠡᠩᠨᠡᠭᠡᠨ ᠤ ᠶᠡᠷᠦᠩᠬᠡᠢ ᠬᠡᠪ ᠪᠣᠯᠪᠠᠰᠤᠷᠠᠯ | ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 7 ᠤ ᠡᠳᠦᠷ᠂ ᠬᠤᠰᠢᠭᠤᠨ ᠤ ᠬᠢᠨᠠᠨ ᠪᠣᠳᠣᠬᠤ | ᠲᠣᠪᠴᠢᠶ᠎ᠠ ᠬᠢᠨᠠᠨ ᠪᠣᠳᠣᠬᠤ ᠪᠦᠬᠦ ᠺᠠᠳ᠋ᠷᠴᠤᠳ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠡᠭᠡᠯᠢ ᠢᠳᠡᠭᠰᠡᠨ ᠬᠡᠷᠡᠭ ᠤᠨ ᠲᠢᠩᠬᠢᠮ ᠤᠨ ᠰᠢᠭᠦᠨ ᠲᠠᠰᠤᠯᠤᠯᠲᠠ ᠶᠢ | ᠲᠥᠪᠯᠡᠷᠡᠭᠦᠯᠦᠨ ᠦᠵᠡᠪᠡ᠃ ᠲᠣᠰ ᠤᠳᠠᠭᠠᠨ ᠤ ᠠᠵᠢᠯᠯᠠᠭ᠎ᠠ ᠨᠢ ᠠᠷᠢᠭᠤᠨ ᠴᠢᠬᠡᠴᠢ ᠣᠪᠣᠷ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠪᠣᠳᠠᠲᠠᠶ ᠠᠮᠢᠳᠤᠯᠢᠭ ᠬᠡᠷᠡᠭ ᠤᠨ ᠵᠢᠱᠢᠶ᠎ᠡ ᠶᠢ ᠠᠰᠢᠭᠯᠠᠨ᠂ ᠬᠢᠨᠠᠨ ᠪᠤᠳᠤᠬᠤ ᠺᠠᠳ᠋ᠷᠴᠤᠳ ᠲᠤ | ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠡᠳᠦᠷ | ᠲᠤᠲᠤᠮ ᠤᠨ ᠠᠵᠢᠯ ᠤᠨ ᠡᠯ᠎ᠡ ᠭᠤᠭᠴᠤᠭ᠎ᠠ ᠳᠤ ᠪᠥᠬᠦ ᠲᠠᠯ᠎ᠠ ᠪᠠᠷ ᠠᠭᠤᠰᠤᠯᠴᠠᠭᠤᠯᠬᠤ ᠶᠢᠨ ᠲᠥᠯᠥᠭᠡ ᠶᠤᠮ᠃ | | | | ᠲᠢᠩᠬᠢᠮ ᠤᠨ ᠰᠢᠭᠦᠯᠲᠡ ᠶᠢ ᠦᠵᠡᠬᠦ ᠳᠤᠮᠳᠠ᠂ ᠤᠯᠠᠨ ᠢᠶᠠᠷ ᠢᠶᠠᠨ ᠠᠩᠬᠠᠷᠤᠯ ᠢᠶᠠᠨ ᠲᠥᠪᠯᠡᠷᠡᠭᠦᠯᠵᠦ᠂ ᠵᠠᠭᠠᠯᠳᠤᠭᠴᠢ ᠶᠢᠨ ᠲᠣᠭᠠᠴᠢᠭᠰᠠᠨ ᠬᠡᠷᠡᠭ ᠤᠨ | ᠥᠩᠭᠡᠷᠡᠯᠲᠡ᠂ ᠵᠢᠴᠢ ᠵᠠᠭᠠᠯᠳᠤᠭᠳᠠᠭᠴᠢ ᠶᠢᠨ ᠬᠡᠭᠡᠯᠢ ᠢᠳᠡᠭᠰᠡᠨ ᠠᠵᠢᠯᠯᠠᠭ᠎ᠠ ᠶᠢᠨ ᠲᠤᠬᠠᠢ ᠲᠣᠳᠣᠷᠬᠠᠶᠢᠯᠠᠯᠲᠠ ᠶᠢ ᠰᠡᠳᠬᠢᠯ ᠲᠠᠯᠪᠢᠨ ᠰᠣᠨᠣᠰᠪᠠ᠃ ᠰᠢᠭᠦᠬᠦ | ᠲᠢᠩᠬᠢᠮ ᠤᠨ ᠪᠠᠶᠢᠴᠠᠭᠠᠯᠲᠠ ᠶᠢᠨ ᠱᠠᠲᠤᠨ ᠳᠤ ᠬᠡᠭᠡᠯᠢ ᠢᠳᠡᠭᠰᠡᠨ ᠵᠣᠭᠤᠰ ᠤᠨ ᠲᠤᠭ᠎ᠠ᠂ ᠬᠡᠭᠡᠯᠢ ᠲᠦᠯᠬᠢᠭᠰᠡᠨ ᠬᠡᠭᠡᠯᠢ ᠲᠦᠯᠬᠢᠭᠰᠡᠨ ᠠᠷᠠᠯᠵᠢᠶᠠᠨ ᠤ ᠨᠠᠷᠢᠨ | ᠵᠦᠢᠯᠡᠰ ᠢ ᠨᠠᠷᠢᠨ ᠨᠢᠭᠲᠠ ᠨᠡᠶᠢᠲᠡᠯᠡᠵᠦ᠂ ᠬᠥᠮᠥᠰ ᠤᠨ ᠠᠩᠬᠠᠷᠤᠯ ᠢ ᠶᠡᠬᠡᠳᠡ ᠲᠠᠲᠠᠪᠠ︔ ᠰᠢᠭᠦᠬᠦ ᠲᠢᠩᠬᠢᠮ ᠤᠨ ᠮᠠᠷᠭᠤᠯᠳᠤᠭᠠᠨ ᠤ ᠭᠤᠭᠴᠤᠭ᠎ᠠ ᠳᠤ᠂ | ᠵᠠᠭᠠᠯᠳᠤᠬᠤ ᠬᠤᠶᠠᠷ ᠲᠠᠯ᠎ᠠ ᠪᠠᠷ ᠢᠶᠠᠨ ᠰᠢᠷᠦᠭᠦᠨ ᠲᠡᠮᠡᠴᠡᠵᠦ᠂ ᠬᠡᠭᠡᠯᠢ ᠢᠳᠡᠭᠰᠡᠨ ᠠᠵᠢᠯᠯᠠᠭ᠎ᠠ ᠶᠢᠨ ᠮᠠᠭᠤ ᠨᠥᠯᠥᠭᠡ ᠪᠠ ᠬᠠᠤᠯᠢ ᠴᠠᠭᠠᠵᠠ ᠶᠢᠨ ᠦᠷ᠎ᠡ ᠳ᠋ᠦᠩ ᠢ | ᠲᠣᠳᠣᠷᠬᠠᠢ ᠢᠯᠡᠷᠡᠭᠦᠯᠪᠡ᠃ ᠡᠨᠡ ᠶᠠᠪᠤᠴᠠ ᠪᠠᠷ ᠳᠠᠮᠵᠢᠭᠠᠳ᠂ ᠺᠠᠳ᠋ᠷᠴᠤᠳ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠢᠷᠤᠮ ᠤᠨ ᠲᠤᠬᠠᠢ ᠨᠡᠩ ᠭᠦᠨᠵᠡᠭᠡᠢ | ᠲᠠᠨᠢᠯᠲᠠ ᠲᠠᠢ ᠪᠣᠯᠣᠭᠰᠠᠨ ᠢᠶᠠᠷ ᠪᠠᠷᠠᠬᠤ ᠦᠭᠡᠢ᠂ ᠬᠡᠷᠡᠭ ᠤᠨ ᠲᠠᠯ᠎ᠠ ᠨᠢᠭᠡᠪᠦᠷᠢ ᠶᠢᠨ ᠨᠠᠷᠢᠨ ᠵᠦᠢᠯᠡᠰ ᠠᠴᠠ ᠰᠠᠬᠢᠯᠭ᠎ᠠ ᠪᠠᠲᠤ ᠶᠢᠨ ᠲᠣᠭᠲᠠᠭᠠᠯ ᠢ ᠵᠥᠷᠢᠴᠡᠭᠰᠡᠨ ᠠᠴᠠ | ᠪᠣᠯᠤᠭᠰᠠᠨ ᠬᠦᠨᠳᠦ ᠨᠣᠴᠢᠲᠠᠢ ᠬᠤᠣᠷ ᠬᠥᠨᠥᠭᠡᠯ ᠢ ᠭᠦᠨᠵᠡᠭᠡᠢ ᠣᠶᠢᠯᠠᠭᠠᠪᠠ᠃ ᠬᠡᠭᠡᠯᠢ ᠢᠳᠡᠭᠰᠡᠨ ᠦᠢᠯᠡ ᠠᠵᠢᠯᠯᠠᠭ᠎ᠠ ᠨᠢ ᠲᠥᠪ ᠤᠨ ᠨᠠᠢᠮᠠᠨ ᠵᠣᠷᠪᠣᠰ | ᠲᠣᠭᠲᠠᠭᠠᠯ ᠤᠨ ᠵᠣᠷᠢᠭ ᠰᠠᠨᠠᠭ᠎ᠠ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠶᠢ | ᠬᠦᠨᠳᠦ ᠨᠣᠴᠢᠲᠠᠢ ᠲᠡᠷᠰᠯᠡᠭᠰᠡᠨ ᠪᠥᠭᠡᠳ ᠬᠢᠨᠠᠨ ᠪᠣᠳᠣᠬᠤ ᠺᠠᠳ᠋ᠷᠴᠤᠳ ᠤᠨ ᠰᠡᠷᠡᠮᠵᠢ ᠶᠢᠨ ᠳᠣᠬᠢᠶ᠎ᠠ ᠦᠭᠭᠦᠭᠰᠡᠨ ᠪᠠᠢᠨ᠎ᠠ᠃ | ᠲᠢᠩᠬᠢᠮ ᠤᠨ ᠰᠢᠭᠦᠯᠲᠡ ᠶᠢ ᠦᠵᠡᠵᠦ ᠳᠠᠭᠤᠰᠤᠭᠰᠠᠨ ᠤ ᠲᠠᠷᠠᠭ᠎ᠠ᠂ ᠺᠠᠳ᠋ᠷᠴᠤᠳ ᠶᠡᠬᠡᠳᠡ ᠰᠡᠳᠬᠢᠯ ᠬᠥᠳᠡᠯᠵᠦ᠂ ᠰᠡᠳᠬᠢᠯ ᠵᠢᠷᠦᠬᠡ ᠨᠢ ᠬᠦᠴᠦᠲᠡᠢ | ᠳᠣᠩᠰᠣᠯᠤᠯᠲᠠ ᠪᠠ ᠰᠡᠷᠡᠮᠵᠢ ᠳᠤ ᠤᠴᠠᠷᠠᠭᠰᠠᠨ ᠢ ᠢᠯᠡᠳᠬᠡᠵᠡᠭᠡᠪᠡ᠃ ᠲᠣᠰ ᠤᠳᠠᠭᠠᠨ ᠤ ᠦᠵᠡᠭᠰᠡᠨ ᠬᠡᠷᠡᠭ ᠢᠶᠠᠷ ᠭᠦᠨᠵᠡᠭᠡᠶ ᠰᠤᠷᠭᠠᠮᠵᠢ ᠪᠣᠯᠭᠠᠵᠤ᠂ | ᠬᠤᠶᠢᠰᠢᠳᠠ ᠶᠢᠨ ᠬᠢᠨᠠᠨ ᠪᠤᠳᠤᠬᠤ ᠬᠠᠤᠯᠢ ᠬᠡᠷᠡᠭᠵᠢᠭᠦᠯᠬᠦ ᠶᠠᠪᠤᠴᠠ ᠳᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠲᠠᠢ ᠴᠢᠩᠭ᠎ᠠ | ᠬᠠᠷᠭᠤᠭᠤᠯᠵᠤ᠂ ᠴᠢᠩᠭ᠎ᠠ ᠵᠢᠷᠤᠮᠵᠢᠭᠤᠨ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠶ᠃ ᠨᠠᠩ ᠡᠷᠡᠰ ᠪᠠᠲᠤ ᠬᠦᠰᠡᠯᠡᠩ ᠢᠲᠡᠭᠡᠯ | ᠪᠢᠰᠢᠷᠡᠯ ᠢ ᠪᠠᠷᠢᠮᠲᠠᠯᠠᠵᠤ᠂ ᠨᠠᠩ ᠴᠢᠩᠭ᠎ᠠ ᠨᠢᠮᠪᠠᠶ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠪᠠᠲᠤ ᠪᠠᠬᠢ ᠨᠠᠶᠢᠳᠠᠪᠤᠷᠢᠲᠠᠶ ᠬᠢᠨᠠᠨ ᠪᠤᠳᠤᠬᠤ ᠬᠢᠨᠠᠯᠲᠠ ᠲᠠᠯᠪᠢᠬᠤ ᠪᠠᠲᠤᠯᠠᠭ᠎ᠠ ᠬᠠᠩᠭᠠᠵᠤ᠂ ᠬᠢᠨᠠᠨ ᠪᠤᠳᠤᠬᠤ ᠡᠭᠦᠷᠭᠡ ᠨᠢᠭᠡᠪᠦᠷᠢ ᠳᠤ ᠰᠠᠬᠢᠯᠭ᠎ᠠ | ᠪᠠᠲᠤ ᠪᠠ ᠬᠠᠤᠯᠢ ᠴᠠᠭᠠᠵᠠ ᠶᠢᠨ ᠴᠢᠩᠭ᠎ᠠ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠶᠠᠮᠠᠷᠪᠠ ᠬᠡᠯᠪᠡᠷᠢ ᠶᠢᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ | ᠵᠥᠷᠢᠴᠡᠭᠰᠡᠨ ᠦᠶ᠋ᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠢᠨᠠᠨ ᠪᠤᠳᠤᠬᠤ ᠠᠵᠢᠯ ᠤᠨ ᠡᠷᠬᠡ ᠰᠦᠷᠲᠦ ᠴᠢᠨᠠᠷ ᠪᠠ ᠴᠡᠪᠡᠷ ᠴᠢᠨᠠᠷ ᠢ ᠬᠠᠮᠠᠭᠠᠯᠠᠨ᠎ᠠ ᠭᠡᠵᠦ ᠰᠠᠨᠠᠯ | ᠨᠢᠭᠡᠲᠡᠶ ᠦᠵᠡᠪᠡ᠃ | | |