﹇2025 ᠣᠨ ᠤ ᠬᠤᠶᠠᠳᠤᠭᠠᠷ ᠬᠤᠭᠤᠴᠠᠭ᠎ᠠ﹈ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/5/8
ᠡᠯ᠎ᠡ ᠰᠤᠮᠤᠨ ᠤ ᠠᠷᠠᠳ ᠤᠨ ᠵᠠᠰᠠᠭ ᠤᠨ ᠣᠷᠳᠣᠨ ᠳᠤ᠄      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠠᠮᠢᠲᠠᠨ ᠤ ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ      ᠡᠯ᠎ᠡ ᠰᠤᠮᠤ ᠪᠠᠯᠭᠠᠰᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠬᠠᠷᠢᠶ᠎ᠠ ᠣᠷᠣᠨ ᠤ ᠪᠠᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ ᠬᠢᠨᠠᠯᠲᠠ ᠲᠠᠯᠪᠢᠵᠤ᠂ ᠰᠢᠯᠦᠬᠡᠶ ᠡᠪᠡᠳᠴᠢᠨ᠂ ᠬᠦᠨᠳᠦ ᠲᠤᠰᠳᠠᠭ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠵᠢᠴᠢ ᠪᠷᠦ᠋ᠼᠧᠯ ᠡᠪᠡᠳᠴᠢᠨ ᠵᠡᠷᠭᠡ ᠬᠥᠮᠦᠨ ᠮᠠᠯ ᠳᠤ ᠬᠠᠮᠲᠤ ᠲᠤᠰᠳᠠᠭ ᠡᠪᠡᠳᠴᠢᠨ ᠳᠤ ᠠᠯᠪᠠᠳᠠᠯᠭ᠎ᠠ ᠪᠠᠷ ᠦᠯᠦ ᠬᠠᠯᠳᠠᠭᠠᠬᠤ ᠪᠠ ᠲᠥᠯᠥᠪᠯᠡᠭᠡᠲᠦ ᠦᠯᠦ ᠬᠠᠯᠳᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠡᠭᠡᠯᠢᠯᠡᠭᠡ ᠶᠢᠨ ᠦᠷ᠎ᠡ ᠪᠦᠲᠦᠮᠵᠢ ᠶᠢ ᠬᠢᠨᠠᠨ ᠬᠡᠮᠵᠢᠵᠦ ᠥᠯᠢᠭᠡᠷ ᠠᠪᠬᠤ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠵᠦ᠂ ᠡᠭᠡᠯᠢᠯᠡᠭᠡ ᠶᠢᠨ ᠨᠢᠭᠲᠠᠴᠠ ᠪᠠ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠬᠤ ᠬᠡᠷᠡᠭᠲᠡᠶ᠃      ᠬᠤᠶᠠᠷ᠂ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠵᠤ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ      ︵ᠨᠢᠭᠡ︶ ᠪᠠᠶᠢᠩᠭᠤᠵᠢᠭᠰᠠᠨ ᠵᠢᠭᠰᠠᠭᠠᠨ ᠪᠠᠶᠢᠴᠠᠭᠠᠬᠤ ᠵᠢᠴᠢ ᠬᠢᠵᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠴᠢᠩᠭᠠᠳᠬᠠᠨ᠎ᠠ᠃ ᠡᠳᠦᠷ ᠲᠤᠲᠤᠮ ᠤᠨ ᠲᠠᠬᠤᠯ ᠡᠪᠡᠳᠴᠢᠨ ᠤ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠰᠤᠯᠠ ᠲᠡᠵᠢᠭᠡᠬᠦ ᠣᠷᠣᠨ ᠪᠦᠰᠡ ᠳᠤ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠮᠠᠯ ᠵᠢᠭᠦᠷᠲᠡᠨ ᠤ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠦᠨ ᠦᠯᠢᠭᠡᠷ ᠠᠪᠴᠤ ᠬᠦᠷᠭᠡᠵᠦ ᠪᠠᠶᠢᠴᠠᠭᠠᠯᠭᠠᠬᠤ ᠬᠡᠷᠡᠭᠲᠡᠶ᠃ ᠪᠣᠳᠠᠲᠤ ᠪᠠᠶᠢᠳᠠᠯ ᠢᠶᠠᠨ ᠦᠨᠳᠦᠰᠦᠯᠡᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠬᠤ ᠶᠢ ᠵᠣᠬᠢᠰᠲᠠᠶ ᠲᠣᠬᠢᠷᠠᠭᠤᠯᠵᠤ᠂ ᠬᠢᠵᠢᠭ ᠡᠪᠡᠳᠴᠢᠨ ᠢ ᠵᠢᠭᠰᠠᠭᠠᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠪᠠᠲᠤᠯᠠᠬᠤ ᠬᠡᠷᠡᠭᠲᠡᠶ᠃      ︵ᠬᠤᠶᠠᠷ︶ ᠰᠡᠯᠭᠦᠨ ᠮᠠᠯᠵᠢᠬᠤ ᠬᠤᠭᠤᠴᠠᠭᠠᠨ ᠳᠠᠬᠢ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠡᠳᠦᠷ ᠲᠤᠲᠤᠮ ᠤᠨ ᠲᠠᠬᠤᠯ ᠡᠪᠡᠳᠴᠢᠨ ᠤ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠯᠲᠠ ᠲᠠᠢ ᠤᠶᠠᠯᠳᠤᠭᠤᠯᠤᠨ᠂ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠰᠡᠯᠭᠦᠨ ᠮᠠᠯᠵᠢᠬᠤ ᠬᠤᠭᠤᠴᠠᠭᠠᠨ ᠳᠠᠬᠢ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠮᠠᠯ ᠲᠡᠵᠢᠭᠡᠨ ᠦᠷᠡᠵᠢᠭᠦᠯᠬᠦ ᠨᠢ ᠨᠡᠯᠢᠶᠡᠳ ᠨᠢᠭᠲᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠣᠷᠣᠰᠢᠵᠤ᠂ ᠮᠠᠯ ᠤᠨᠤᠭ᠎ᠠ ᠶᠢ ᠲᠥᠪᠯᠡᠷᠡᠭᠦᠯᠦᠨ ᠬᠠᠰᠢᠶᠠᠯᠠᠨ ᠲᠡᠵᠢᠭᠡᠬᠦ ᠣᠷᠣᠨ ᠪᠦᠰᠡ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠵᠡᠷᠭᠡ ᠶᠢ ᠭᠤᠤᠯᠳᠠᠯᠭ᠎ᠠ ᠲᠠᠢ ᠠᠩᠬᠠᠷᠴᠤ᠂ ᠬᠡᠷᠪᠡ ᠬᠢᠵᠢᠭ ᠬᠠᠯᠳᠠᠪᠤᠷᠢᠯᠠᠬᠤ ᠪᠤᠶᠤ ᠬᠢᠵᠢᠭ ᠬᠠᠯᠳᠠᠪᠣᠷᠢᠯᠠᠭᠰᠠᠨ ᠢ ᠣᠯᠵᠤ ᠮᠡᠳᠡᠪᠡᠯ᠂ ᠳᠠᠷᠦ᠋ᠢᠬᠠᠨ ᠬᠤᠰᠢᠭᠤᠨ ᠤ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠭᠤᠷᠪᠠ᠂ ᠬᠢᠵᠢᠭ ᠢ ᠪᠠᠶᠢᠴᠠᠭᠠᠵᠤ ᠬᠢᠨᠠᠨ ᠬᠠᠮᠢᠶᠠᠷᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ      ᠡᠯ᠎ᠡ ᠰᠤᠮᠤ ᠪᠠᠯᠭᠠᠰᠤ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠪᠠ ᠠᠯᠠᠰᠢᠨ ᠤ ᠬᠢᠵᠢᠭ ᠤᠨ ᠪᠠᠶᠢᠴᠠᠭᠠᠯᠲᠠ ᠶᠢᠨ ᠬᠠᠮᠢᠶᠠᠷᠤᠯᠲᠠ ᠶᠢ ᠴᠢᠩᠳᠠᠯᠠᠵᠤ᠂ ᠬᠢᠵᠢᠭ ᠤᠨ ᠪᠠᠶᠢᠴᠠᠭᠠᠯᠲᠠ ᠶᠢ ᠭᠤᠶᠤᠴᠢᠯᠠᠨ ᠮᠡᠳᠡᠭᠦᠯᠬᠦ᠂ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠬᠤ᠂ ᠪᠣᠳᠠᠲᠠᠶᠢᠵᠢᠭᠤᠯᠤᠨ ᠮᠡᠳᠡᠭᠦᠯᠬᠦ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠵᠤ᠂ ᠠᠯᠪᠠᠨ ᠤ ᠮᠠᠯ ᠤᠨ ᠡᠮᠴᠢ ᠶᠢᠨ ᠦᠢᠯᠡ ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠨ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠪᠢᠯᠧᠲ ᠲᠡᠮᠳᠡᠭ ᠲᠠᠯᠪᠢᠬᠤ᠂ ᠠᠮᠢᠲᠠᠨ ᠵᠢᠴᠢ ᠠᠮᠢᠲᠠᠨ ᠤ ᠪᠦᠲᠦᠭᠡᠭᠳᠡᠬᠦᠨ ᠢ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠪᠠ ᠨᠢᠲᠤᠯᠬᠤ ᠲᠠᠯᠠᠪᠠᠶ ᠶᠢᠨ ᠤᠬᠠᠭᠤᠯᠭ᠎ᠠ ᠬᠥᠮᠦᠵᠢᠯ ᠪᠣᠯᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠶᠢ ᠨᠠᠶᠢᠳᠠᠪᠤᠷᠢᠵᠢᠭᠤᠯᠬᠤ ᠬᠡᠷᠡᠭᠲᠡᠶ᠃ ᠨᠢᠲᠤᠯᠬᠤ᠂ ᠫᠠᠨᠽᠠᠯᠠᠬᠤ᠂ ᠬᠤᠤᠷ ᠦᠭᠡᠶᠢᠵᠢᠭᠦᠯᠦᠨ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠠᠵᠢᠯᠯᠠᠭᠰᠠᠳ ᠤᠨ ᠠᠮᠢᠲᠠᠨ ᠤ ᠬᠢᠵᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃      ᠳᠥᠷᠪᠡ᠂ ᠡᠪᠡᠳᠴᠢᠨ ᠢᠶᠠᠷ ᠦᠬᠦᠭᠰᠡᠨ ᠮᠠᠯ ᠵᠢᠬᠦᠷᠳᠡᠨ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠶᠢᠨ ᠬᠢᠨᠡᠯᠳᠡ ᠬᠠᠮᠢᠶᠡᠷᠦᠯᠳᠡ ᠶᠢᠨ ᠠᠵᠢᠯ ᠢ ᠦᠨᠡᠨᠬᠦ ᠰᠠᠶᠢᠳᠣᠷ ᠠᠳᠬᠤᠬᠤ ᠬᠡᠷᠡᠭᠲᠡᠢ      ᠡᠯ᠎ᠡ ᠰᠤᠮᠤ ᠪᠠᠯᠭᠠᠰᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠭᠤᠤᠯ ᠤᠨ ᠵᠠᠮ᠂ ᠨᠠᠭᠤᠷ ᠴᠥᠭᠦᠷᠥᠮ᠂ ᠨᠤᠲᠤᠭ ᠪᠡᠯᠴᠢᠭᠡᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠯᠲᠠ ᠬᠢᠵᠦ᠂ ᠭᠡᠭᠡᠭᠳᠡᠭᠰᠡᠨ ᠮᠠᠯ ᠵᠢᠭᠦᠷᠲᠡᠨ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠬᠤᠤᠷ ᠦᠭᠡᠶᠢᠵᠢᠭᠦᠯᠦᠨ ᠰᠢᠢᠳᠪᠦᠷᠢᠯᠡᠬᠦ ᠬᠡᠷᠡᠭᠲᠡᠶ᠃ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠠᠤᠯᠢ ᠪᠤᠰᠤ ᠪᠠᠷ ᠬᠠᠶᠠᠬᠤ᠂ ᠡᠳᠰᠢᠭᠦᠯᠬᠦ᠂ ᠬᠤᠳᠠᠯᠳᠤᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯᠲᠦ ᠴᠢᠨᠠᠷ ᠢ ᠥᠷᠭᠡᠨ ᠢᠶᠠᠷ ᠤᠬᠠᠭᠤᠯᠵᠤ᠂ ᠦᠢᠯᠡᠳᠪᠦᠷᠢᠯᠡᠨ ᠡᠵᠡᠩᠨᠡᠭᠴᠢ ᠶᠢᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠰᠠᠨᠠᠭᠠᠴᠢᠯᠠᠭ᠎ᠠ ᠠᠴᠠ ᠪᠠᠨ ᠰᠢᠶ᠋ᠳᠪᠦᠷᠢᠯᠡᠬᠦ ᠤᠬᠠᠮᠰᠠᠷᠲᠤ ᠴᠢᠨᠠᠷ ᠢ ᠴᠢᠩᠭᠠᠷᠠᠭᠤᠯᠬᠤ ᠬᠡᠷᠡᠭᠲᠡᠶ᠃      ᠲᠠᠪᠤ᠂ ᠬᠢᠯᠢ ᠶᠢᠨ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ      ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠬᠢᠯᠢ ᠶᠢᠨ ᠵᠠᠮ ᠳᠠᠭᠠᠤ ᠶᠢᠨ ᠲᠠᠬᠤᠯ ᠡᠪᠡᠳᠴᠢᠨ ᠢ ᠬᠢᠨᠠᠨ ᠬᠡᠮᠵᠢᠬᠦ ᠪᠠ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠡᠭᠦᠳᠡᠯ ᠤᠨ ᠰᠢᠪᠠᠭᠤ ᠶᠢᠨ ᠨᠡᠭᠦᠳᠡᠯ᠂ ᠬᠡᠭᠡᠷ᠎ᠡ ᠶᠢᠨ ᠠᠮᠢᠲᠠᠨ ᠤ ᠨᠡᠭᠦᠳᠡᠯ ᠤᠨ ᠵᠠᠮ ᠱᠤᠭᠤᠮ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠣᠯᠵᠤ ᠮᠡᠳᠡᠪᠡᠯ᠂ ᠳᠠᠷᠦ᠋ᠢᠬᠠᠨ ᠬᠤᠰᠢᠭᠤᠨ ᠤ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠲᠠᠷᠠᠭᠠᠴᠢ ᠶᠢᠨ ᠦᠯᠢᠭᠡᠷ ᠠᠪᠴᠤ ᠬᠦᠷᠭᠡᠵᠦ ᠰᠢᠯᠭᠠᠨ ᠪᠠᠶᠢᠴᠠᠭᠠᠯᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃      ᠡᠯ᠎ᠡ ᠰᠤᠮᠤ ᠪᠠᠯᠭᠠᠰᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠮᠠᠨ ᠤ ᠬᠤᠰᠢᠭᠤᠨ ᠤ ᠮᠠᠯᠵᠢᠬᠤ ᠦᠢᠯᠡᠳᠪᠦᠷᠢᠯᠡᠯ ᠤᠨ ᠠᠮᠤᠷ ᠲᠦᠪᠰᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠶ᠃                 ᠰᠢᠨ᠎ᠡ ᠪᠠᠷᠭᠤ ᠪᠠᠷᠠᠭᠤᠨ ᠬᠤᠰᠢᠭᠤᠨ ᠤ                 ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠡᠷᠭᠡᠵᠢᠯ ᠤᠨ ᠲᠣᠪᠴᠢᠶ᠎ᠠ                            2025 ᠣᠨ ᠤ 4 ᠰᠠᠷ᠎ᠠ ᠶᠢᠨ 28 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ