﹇2025 ᠣᠨ ᠤ ᠬᠤᠶᠠᠳᠤᠭᠠᠷ ᠬᠤᠭᠤᠴᠠᠭ᠎ᠠ﹈ ᠴᠠᠬᠢᠯᠭᠠᠨ ᠲᠣᠣᠷ ᠤᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠭᠡᠨ ᠠᠬᠢᠭᠤᠯᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/5/8
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ︽ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠠᠬᠢᠯᠭᠠᠨ ᠲᠣᠤᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ᠢ ᠦᠨᠳᠦᠰᠦᠯᠡᠨ᠂ ᠮᠠᠨ ᠤ ᠬᠤᠰᠢᠭᠤᠨ ᠤ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ᠂ ᠡᠯ᠎ᠡ ᠲᠥᠷᠥᠯ ᠤᠨ ᠴᠠᠬᠢᠯᠭᠠᠨ ᠲᠣᠤᠷ ᠤᠨ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠲᠣᠭᠲᠠᠭᠤᠨ ᠢᠶᠠᠷ ᠴᠠᠬᠢᠯᠭᠠᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠣᠳᠤ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠮᠡᠳᠡᠭᠳᠡᠶ᠎ᠡ᠄      ᠨᠢᠭᠡ ᠳᠤ ︽ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠶ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠵᠦ ᠲᠠᠷᠢᠶᠠᠨ ᠭᠠᠵᠠᠷ ᠤᠨ ᠦᠷ᠎ᠡ ᠪᠦᠲᠦᠭᠡᠯ ᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 92 ᠳ᠋ᠤᠭᠠᠷ ᠲᠣᠭᠠᠲᠤ︶ ᠵᠢᠴᠢ ︽ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠠᠷᠢᠶᠠᠨ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠨᠥᠬᠦᠪᠥᠷᠢ ᠵᠠᠷᠤᠳᠠᠯ ᠬᠤᠪᠢᠶᠠᠷᠢᠯᠠᠬᠤ ᠬᠠᠷᠢᠴᠠᠯ ᠢ ᠨᠡᠶᠢᠲᠡᠯᠡᠬᠦ ᠲᠤᠬᠠᠶ ᠮᠡᠳᠡᠭᠳᠡᠯ︾ ︵ᠬᠥᠯᠥᠨ ᠵᠠᠰᠠᠭ ᠠᠯᠪᠠᠨ ᠲᠠᠷᠬᠠᠭᠠᠭᠰᠠᠨ ﹇2020﹈ 25 ᠳ᠋ᠤᠭᠠᠷ ᠲᠣᠭᠠᠲᠤ︶ ᠤᠨ ᠰᠠᠭᠤᠷᠢ ᠦᠨ᠎ᠡ ᠬᠠᠩᠰᠢ ᠶᠢ ᠬᠡᠷᠡᠭᠵᠢᠭᠦᠯᠦᠨ᠎ᠡ᠃ ᠵᠠᠮ ᠱᠤᠭᠤᠮ ᠤᠨ ᠰᠤᠪᠤᠷᠭ᠎ᠠ ᠶᠢᠨ ᠰᠠᠭᠤᠷᠢ ᠡᠭᠦᠷᠢᠳᠡ ᠶᠢᠨ ᠡᠵᠡᠯᠡᠬᠦ ᠭᠠᠵᠠᠷ ᠨᠢ ᠰᠠᠭᠤᠷᠢ ᠪᠠᠭᠠᠨ᠎ᠠ ᠶᠢᠨ ᠭᠠᠳᠠᠭᠰᠢ ᠭᠠᠷᠬᠤ ᠬᠡᠰᠡᠭ ᠢ ᠴᠢᠩᠭ᠎ᠠ ᠵᠢᠷᠤᠮᠯᠠᠨ ᠭᠠᠳᠠᠭᠰᠢ 1 ᠮᠧᠲᠷ ᠤᠨ ᠪᠠᠷᠢᠮᠵᠢᠶ᠎ᠠ ᠪᠠᠷ ᠵᠢᠭᠰᠠᠭᠠᠨ᠎ᠠ᠃      ᠬᠤᠶᠠᠷ ᠲᠤ ᠬᠤᠶᠢᠰᠢᠳᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠳᠣᠲᠣᠷᠠᠬᠢ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠲᠠᠪᠤᠷᠢᠯᠠᠨ ᠡᠵᠡᠯᠡᠵᠦ ᠬᠡᠷᠡᠭᠯᠡᠬᠦ ᠭᠠᠵᠠᠷ ᠢ ᠴᠥᠮ ᠲᠣᠰ ᠪᠠᠷᠢᠮᠵᠢᠶ᠎ᠠ ᠪᠠᠷ ᠬᠡᠷᠡᠭᠵᠢᠭᠦᠯᠦᠨ᠎ᠡ᠂ ᠬᠡᠷᠪᠡ ᠳᠡᠭᠡᠳᠦ ᠱᠠᠲᠤᠨ ᠤ ᠲᠣᠰ ᠪᠠᠷᠢᠮᠵᠢᠶ᠎ᠠ ᠳᠤ ᠰᠢᠨ᠎ᠡ ᠲᠣᠭᠲᠠᠭᠠᠯ ᠪᠠᠶᠢᠪᠠᠯ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃      ᠭᠤᠷᠪᠠ ᠳᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠵᠦ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠵᠢᠯᠴᠠᠨ᠂ ᠭᠠᠵᠠᠷ ᠲᠠᠲᠠᠪᠤᠷᠢᠯᠠᠨ ᠡᠵᠡᠯᠡᠬᠦ ᠭᠠᠷ ᠭᠦᠢᠴᠡᠳᠬᠡᠯ ᠢ ᠭᠦᠢᠴᠡᠳᠭᠡᠬᠦ ᠴᠤᠪᠤᠷᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠨ᠎ᠡ᠃      ᠳᠥᠷᠪᠡ ᠳᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠴᠠᠬᠢᠯᠭᠠᠨ ᠬᠦᠴᠦᠨ ᠤ ᠺᠣᠮᠫᠠᠨᠢ ᠲᠠᠢ ᠤᠯᠠᠮ ᠨᠢᠭᠡ ᠠᠯᠬᠤᠮ ᠨᠡᠪᠲᠡᠷᠡᠯᠴᠡᠵᠦ᠂ ᠲᠥᠷᠥᠯ ᠵᠦᠢᠯ ᠤᠨ ᠪᠣᠯᠤᠮᠵᠢᠲᠤ ᠨᠤᠲᠠᠯᠠᠯᠲᠠ ᠪᠠ ᠭᠠᠵᠠᠷ ᠰᠣᠩᠭᠤᠬᠤ ᠲᠥᠰᠦᠯ ᠵᠢᠴᠢ ᠬᠠᠮᠢᠶ᠎ᠠ ᠪᠥᠬᠦᠶ ᠭᠠᠷ ᠭᠦᠢᠴᠡᠳᠬᠡᠯ ᠢ ᠲᠡᠭᠦᠯᠳᠡᠷᠵᠢᠭᠦᠯᠦᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠷᠲᠡᠬᠡᠨ ᠪᠡᠶᠡᠯᠡᠭᠦᠯᠬᠦ ᠶᠢᠨ ᠬᠠᠮᠲᠤ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃                          2025 ᠣᠨ ᠤ 4 ᠰᠠᠷ᠎ᠠ ᠶᠢᠨ 29 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ