ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠪᠥᠬᠦ ᠤᠯᠤᠰ ᠲᠤ ᠠᠵᠢᠯᠲᠠᠨ ᠠᠵᠢᠯᠴᠢᠨ ᠤ | ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠨᠢ ᠠᠳᠠᠯᠢ ᠨᠢᠭᠡᠨ ᠡᠮ ᠡᠮᠨᠡᠯᠬᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠵᠢᠬᠦᠯᠬᠦ | ᠣᠷᠣᠨ ᠤ ᠳᠣᠲᠣᠷᠠᠬᠢ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠬᠠᠷᠢᠯᠴᠠᠨ ᠲᠤᠰᠠᠯᠠᠯᠴᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠡᠰᠡᠭ ᠭᠠᠵᠠᠷ | ᠣᠷᠣᠨ ᠳᠤ ᠮᠤᠵᠢ ᠶᠢᠨ ᠳᠣᠲᠣᠷᠠᠬᠢ ᠠᠳᠠᠯᠢ ᠪᠤᠰᠤ ᠬᠤᠲᠠ ᠶᠢᠨ ᠬᠤᠭᠤᠷᠣᠨᠳᠣᠬᠢ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠨᠢᠭᠡᠨᠲᠡ ᠪᠡᠶᠡᠯᠡᠭᠦᠯᠵᠡᠶ᠃ | ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠪᠠᠷ ᠬᠡᠷᠬᠢᠨ ᠭᠡᠷ ᠪᠦᠯᠢ ᠶᠢᠨ ᠲᠤᠳᠤᠷ᠎ᠠ ᠪᠠᠨ | ᠬᠠᠷᠢᠯᠴᠠᠨ ᠲᠤᠰᠠᠯᠠᠯᠴᠠᠬᠤ ᠪᠤᠢ︖ ᠶᠠᠮᠠᠷ ᠶᠠᠮᠠᠷ ᠰᠢᠯᠲᠠᠭᠠᠨ ᠠᠴᠠ ᠪᠣᠯᠵᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠬᠠᠷᠢᠯᠴᠠᠨ | ᠲᠤᠰᠠᠯᠠᠯᠴᠠᠵᠤ ᠲᠠᠶᠢᠯᠬᠦ ᠦᠭᠡᠢ ᠪᠤᠢ︖ ᠤᠯᠤᠰ ᠤᠨ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ 10 ᠰᠠᠷ᠎ᠠ ᠶᠢᠨ 5 ᠤ ᠡᠳᠦᠷ ᠬᠤᠯᠪᠣᠭᠳᠠᠯ ᠪᠥᠬᠦᠶ | ᠬᠠᠷᠢᠭᠤᠯᠲᠠ ᠶᠢ ᠨᠡᠶᠢᠲᠡᠯᠡᠪᠡ᠃ | ᠬᠠᠷᠢᠭᠤᠯᠲᠠ ᠶᠢ ᠦᠨᠳᠦᠰᠦᠯᠡᠪᠡᠯ᠂ ᠭᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ ᠳᠤ ᠬᠤᠶᠠᠷ ᠤᠷᠢᠲᠠᠯ ᠨᠥᠬᠦᠴᠡᠯ ᠲᠠᠢ᠄ ᠨᠢᠭᠡ ᠳᠤ᠂ | ᠬᠠᠷᠢᠯᠴᠠᠨ ᠲᠤᠰᠠᠯᠠᠯᠴᠠᠬᠤ ᠭᠡᠷ ᠪᠦᠯᠢ ᠶᠢᠨ ᠪᠦᠷᠢᠯᠳᠦᠬᠦᠨ ᠨᠢ ᠵᠥᠪᠬᠡᠨ ᠡᠴᠢᠭᠡ ᠡᠬᠡ᠂ ᠬᠠᠨᠢ ᠨᠦᠬᠦᠷ ᠪᠠ ᠦᠷ᠎ᠡ ᠬᠡᠦᠬᠡᠳ ᠵᠡᠷᠭᠡ ᠣᠶᠢᠷ᠎ᠠ ᠲᠥᠷᠥᠯ ᠰᠠᠳᠤᠨ ᠳᠤ | ᠬᠢᠵᠠᠭᠠᠷᠯᠠᠭᠳᠠᠨ᠎ᠠ᠃ ᠬᠤᠶᠠᠷ ᠲᠤ᠂ ᠬᠠᠷᠢᠯᠴᠠᠨ ᠲᠤᠰᠠᠯᠠᠯᠴᠠᠬᠤ ᠭᠡᠷ ᠪᠦᠯᠢ ᠶᠢᠨ ᠪᠦᠷᠢᠯᠳᠦᠬᠦᠨ ᠨᠢ ᠡᠷᠬᠡᠪᠰᠢ ᠡᠮ ᠡᠮᠨᠡᠯᠬᠡ ᠶᠢᠨ ᠦᠨᠳᠦᠰᠦᠨ ᠳᠠᠭᠠᠳᠬᠠᠯ ᠳᠤ | ᠣᠷᠣᠯᠴᠠᠭᠰᠠᠨ ᠪᠠᠶᠢᠬᠤ ᠬᠡᠷᠡᠭᠲᠡᠢ᠃ ᠵᠠᠷᠢᠮ ᠰᠦᠯᠵᠢᠶᠡᠨ ᠠᠨᠳᠠ ᠶᠢᠨ ᠲᠤᠰᠬᠠᠭᠰᠠᠨ ᠢᠶᠠᠷ᠂ ᠦᠪᠡᠷ ᠢᠶᠠᠨ ᠨᠢᠭᠡᠨᠲᠡ ︽ᠡᠮ ᠡᠮᠨᠡᠯᠬᠡ ᠶᠢᠨ ᠳᠠᠭᠠᠳᠬᠠᠯ ᠤᠨ ᠲᠥᠷᠥᠯ | ᠰᠠᠳᠤᠨ ᠤ ᠬᠠᠶᠢᠷ᠎ᠠ ᠰᠡᠳᠭᠢᠯᠭᠡ ᠶᠢᠨ ᠲᠠᠩᠰᠠᠨ ᠡᠷᠦᠬᠡ︾ ᠶᠢ ᠬᠤᠯᠪᠣᠵᠠᠶ᠂ ᠭᠡᠪᠡᠴᠦ ︽ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ | ᠡᠷᠦᠬᠡ ᠶᠢᠨ ᠬᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ︾ ᠶᠢ ᠪᠡᠶᠡᠯᠡᠭᠦᠯᠵᠦ ᠳᠡᠶᠢᠯᠦᠭᠡᠳᠦᠶ ᠪᠠᠶᠢᠨ᠎ᠠ᠃ ᠦᠨᠡᠨ ᠳᠡᠭᠡᠨ᠂ ︽ᠲᠥᠷᠥᠯ ᠰᠠᠳᠤᠨ ᠤ | ᠬᠠᠶᠢᠷ᠎ᠠ ᠰᠡᠳᠭᠢᠯᠭᠡ ᠶᠢᠨ ᠲᠠᠩᠰᠠᠨ ᠡᠷᠦᠬᠡ︾ ᠪᠣᠯᠤᠨ ︽ᠬᠡᠷ ᠪᠦᠯᠢ ᠶᠢᠨ ᠪᠦᠷᠢᠯᠳᠦᠬᠦᠨ ᠬᠤᠭᠤᠷᠤᠨᠳᠤ ᠪᠠᠨ ᠬᠠᠷᠢᠯᠴᠠᠨ ᠲᠤᠰᠠᠯᠠᠯᠴᠠᠬᠤ︾ ᠪᠣᠯ ᠬᠤᠶᠠᠷ | ᠵᠦᠢᠯ ᠤᠨ ᠠᠳᠠᠯᠢ ᠪᠤᠰᠤ ᠠᠵᠢᠯᠯᠠᠭ᠎ᠠ ᠪᠣᠯᠤᠨ᠎ᠠ᠃ | ᠲᠥᠷᠥᠯ ᠰᠠᠳᠤᠨ ᠤ ᠬᠠᠶᠢᠷ᠎ᠠ ᠰᠡᠳᠭᠢᠯᠭᠡ ᠶᠢᠨ ᠳᠠᠩᠰᠠᠨ ᠡᠷᠦᠬᠡ ᠪᠣᠯ ᠭᠡᠷ ᠤᠨ ᠬᠥᠮᠦᠰ ᠢᠶᠠᠨ ᠬᠠᠪᠰᠤᠷᠤᠨ ᠡᠮ ᠡᠮᠨᠡᠯᠬᠡ ᠶᠢᠨ ᠳᠠᠭᠠᠳᠬᠠᠯ ᠤᠨ ᠺᠣᠳ᠋ ᠢ | ᠳᠡᠯᠭᠡᠨ ᠦᠵᠡᠭᠦᠯᠵᠦ᠂ ᠭᠡᠷ ᠤᠨ ᠬᠥᠮᠦᠰ ᠤᠨ ᠡᠮ ᠡᠮᠨᠡᠯᠬᠡ ᠶᠢᠨ ᠳᠠᠭᠠᠳᠬᠠᠯ ᠤᠨ ᠲᠤᠭ᠎ᠠ ᠬᠡᠮᠵᠢᠶ᠎ᠡ ᠶᠢ ᠵᠠᠷᠤᠴᠠᠭᠤᠯᠵᠤ᠂ ᠬᠤᠯᠪᠤᠬᠰᠡᠨ ᠬᠥᠮᠦᠨ ᠤ ᠬᠤᠪᠢ ᠬᠥᠮᠦᠨ ᠤ | ᠳᠠᠩᠰᠠᠨ ᠡᠷᠦᠬᠡ ᠲᠠᠢ ᠬᠠᠮᠢᠶ᠎ᠠ ᠦᠭᠡᠢ ᠪᠠᠶᠢᠳᠠᠭ᠃ ᠭᠡᠲᠡᠯ᠎ᠡ ᠬᠠᠷᠢᠯᠴᠠᠨ ᠲᠤᠰᠠᠯᠠᠯᠴᠠᠬᠤ ᠲᠠᠩᠰᠠᠨ ᠡᠷᠦᠬᠡ ᠭᠡᠳᠡᠭ ᠨᠢ ᠬᠤᠯᠪᠤᠬᠰᠡᠨ ᠬᠥᠮᠦᠨ ᠤ ᠡᠮ ᠡᠮᠨᠡᠯᠬᠡ ᠶᠢᠨ | ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠪᠠᠷ ᠬᠡᠷ ᠤᠨ ᠬᠥᠮᠦᠰ ᠲᠡᠭᠡᠨ ᠬᠠᠷᠢᠯᠴᠠᠨ ᠲᠤᠰᠠᠯᠠᠯᠴᠠᠵᠤ᠂ ᠬᠤᠯᠪᠤᠬᠰᠡᠨ ᠬᠥᠮᠦᠨ ᠤ ᠵᠣᠭᠤᠰ ᠢᠶᠠᠷ ᠬᠡᠷ ᠤᠨ | ᠬᠥᠮᠦᠰ ᠢᠶᠠᠨ ᠬᠠᠪᠰᠤᠷᠤᠨ ︽ᠲᠣᠭᠠᠴᠠᠭ᠎ᠠ︾ ᠬᠢᠬᠦ ᠶᠠᠪᠤᠳᠠᠯ ᠪᠣᠯᠤᠨ᠎ᠠ᠃ ᠲᠠᠨᠢᠯᠴᠠᠭᠤᠯᠤᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠤᠯᠤᠰ ᠤᠨ ᠡᠮ | ᠡᠮᠨᠡᠯᠬᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠶ᠎ᠠ ᠣᠷᠣᠨ ᠨᠤᠲᠤᠭ ᠤᠨ ᠲᠤᠰᠬᠠᠶ ᠲᠣᠭᠤᠷᠢᠭ᠂ ᠲᠤᠬᠠᠶ ᠶᠢᠨ ᠭᠠᠵᠠᠷ ᠤᠨ ᠡᠮ | ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠵᠢᠷᠬᠢᠶ᠎ᠠ ᠨᠡᠶᠢᠲᠡ ᠶᠢᠨ ᠲᠠᠪᠴᠠᠩ᠂ ᠠᠯᠪᠠᠨ ᠤ ᠰᠦᠯᠵᠢᠶ᠎ᠡ ᠵᠡᠷᠭᠡ ︽ᠠᠵᠢᠯᠲᠠᠨ ᠠᠵᠢᠯᠴᠢᠨ ᠤ ᠡᠮ | ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠲᠤᠳᠤᠷ᠎ᠠ ᠪᠠᠨ ᠬᠠᠷᠢᠯᠴᠠᠨ ᠲᠤᠰᠠᠯᠠᠯᠴᠠᠬᠤ︾ ᠴᠢᠳᠠᠮᠵᠢ ᠶᠢᠨ | ᠬᠡᠰᠡᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠵᠦ ᠪᠣᠯᠤᠨ᠎ᠠ᠃ | ᠠᠩᠬᠠᠷᠤᠭᠤᠰᠢᠲᠠᠶ ᠨᠢ᠂ ᠭᠠᠭᠴᠠ ᠬᠦ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠰᠠᠶ᠋ᠢ ᠬᠤᠪᠢ ᠬᠥᠮᠦᠨ ᠤ | ᠲᠠᠩᠰᠠᠨ ᠡᠷᠦᠬᠡ ᠲᠠᠢ᠂ ᠵᠥᠪᠬᠡᠨ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠰᠠᠶ᠋ᠢ ᠬᠤᠪᠢ ᠬᠥᠮᠦᠨ ᠤ ᠲᠠᠩᠰᠠᠨ | ᠡᠷᠦᠬᠡ ᠶᠢᠨ ᠪᠠᠯᠠ ᠮᠥᠩᠭᠦ ᠶᠢ ᠬᠡᠷ ᠪᠦᠯᠢ ᠶᠢᠨ ᠪᠦᠷᠢᠯᠳᠦᠬᠦᠨ ᠳᠡᠭᠡᠨ ᠬᠠᠷᠢᠯᠴᠠᠨ ᠲᠤᠰᠠᠯᠠᠯᠴᠠᠵᠤ ᠴᠢᠳᠠᠨ᠎ᠠ᠃ ᠡᠭᠦᠨ ᠤ ᠵᠡᠷᠭᠡ ᠪᠠᠷ᠂ ᠠᠵᠢᠯᠲᠠᠨ ᠠᠵᠢᠯᠴᠢᠨ ᠤ ᠡᠮ | ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠠᠬᠢ ᠵᠣᠭᠤᠰ ᠢ ᠬᠠᠮᠲᠤ ᠳᠤᠨᠢ ᠬᠠᠩᠭᠠᠵᠤ᠂ ᠺᠠᠷᠲ ᠢ ᠬᠠᠮᠲᠤ ᠳᠤᠨᠢ ᠬᠡᠷᠡᠭᠯᠡᠵᠦ ᠪᠣᠯᠬᠤ ᠥᠬᠡᠶ᠃ | ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠷᠬᠡᠪᠰᠢ ᠡᠪᠡᠳᠴᠢᠲᠡᠨ ᠤ ᠬᠤᠪᠢ ᠬᠥᠮᠦᠨ ᠤ ᠡᠮ ᠡᠮᠨᠡᠯᠬᠡ ᠶᠢᠨ | ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ᠃ | ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠬᠠᠷᠠᠭᠤᠯᠤᠬᠰᠡᠨ ᠢᠶᠠᠷ᠂ ᠡᠨᠡ ᠵᠢᠯ ᠤᠨ | 1 ᠠᠴᠠ 8 ᠰᠠᠷ᠎ᠠ ᠪᠣᠯᠲᠠᠯ᠎ᠠ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠡᠶᠢᠲᠡ 2.18 ᠳ᠋ᠦᠩᠰᠢᠭᠤᠷ | ᠬᠥᠮᠦᠨ ᠤᠳᠠᠭ᠎ᠠ ᠰᠢᠢᠳᠪᠦᠷᠢᠯᠡᠵᠦ᠂ ᠨᠡᠶᠢᠲᠡ 262.57 ᠳ᠋ᠦᠩᠰᠢᠭᠤᠷ ᠲᠥᠭᠦᠷᠢᠭ ᠬᠠᠷᠢᠯᠴᠠᠨ ᠲᠤᠰᠠᠯᠠᠯᠴᠠᠵᠠᠢ᠃ 9 ᠰᠠᠷ᠎ᠠ ᠶᠢᠨ 16 ᠤ ᠡᠳᠦᠷ ᠪᠣᠯᠲᠠᠯ᠎ᠠ᠂ 11 | ᠮᠤᠵᠢ ᠣᠷᠣᠨ ᠨᠢᠭᠡᠨᠲᠡ ᠬᠠᠷᠢᠯᠴᠠᠨ ᠲᠤᠰᠠᠯᠠᠯᠴᠠᠬᠤ ᠬᠡᠪᠴᠢᠶ᠎ᠡ ᠪᠠᠨ ᠣᠶᠢᠷ᠎ᠠ ᠲᠥᠷᠥᠯ ᠰᠠᠳᠤᠨ ᠬᠦᠷᠲᠡᠯ᠎ᠡ ᠥᠷᠭᠡᠳᠭᠡᠵᠦ᠂ 26 ᠮᠤᠵᠢ ᠣᠷᠣᠨ ᠵᠢᠴᠢ | ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠨᠢᠭᠡᠨᠲᠡ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢ ᠮᠤᠵᠢ ᠶᠢᠨ ᠳᠣᠲᠣᠷ᠎ᠠ ᠪᠠᠨ ᠨᠢᠭᠡᠳᠦᠯᠲᠡᠶ ᠲᠥᠯᠥᠪᠵᠢᠬᠦᠯᠬᠦ ᠣᠷᠣᠨ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠪᠡ᠃ | ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠡᠮᠤᠨᠡᠭᠡᠨ᠂ ᠵᠢᠱᠢᠯᠲᠡ ᠪᠠᠷ ᠡᠨᠡ ᠵᠢᠯ ᠤᠨ ᠰᠡᠬᠦᠯᠴᠢ | ᠪᠣᠯᠬᠤ ᠳᠤ᠂ ᠡᠯ᠎ᠡ ᠭᠠᠵᠠᠷ ᠤᠨ ᠬᠢᠨ ᠬᠤᠪᠢ ᠬᠥᠮᠦᠨ ᠤ ᠲᠠᠩᠰᠠᠨ ᠡᠷᠦᠬᠡ ᠶᠢᠨ ᠮᠤᠵᠢ ᠶᠢᠨ ᠳᠣᠲᠣᠭᠠᠳᠤ ᠳᠤ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠵᠦ᠂ ᠢᠷᠡᠬᠦ | ᠵᠢᠯ ᠠᠴᠠ ᠡᠬᠢᠯᠡᠨ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠰᠦᠪᠡᠭᠴᠢᠯᠡᠨ ᠠᠬᠢᠭᠤᠯᠬᠤ ᠪᠤᠯᠤᠨ᠎ᠠ ᠭᠡᠵᠤ ᠢᠯᠡᠳᠭᠡᠪᠡ᠃ | | | | |