ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠤᠯᠠᠩᠬᠢ ᠬᠥᠮᠦᠰ ᠭᠠᠳᠠᠭᠰᠢ ᠵᠢᠭᠤᠯᠴᠢᠯᠠᠨ ᠠᠶᠠᠯᠠᠵᠤ᠂ ᠲᠦᠷᠦᠯ ᠰᠠᠳᠤᠨ ᠨᠠᠶᠢᠵᠠ | ᠨᠦᠬᠦᠳ ᠲᠠᠢ ᠪᠠᠨ ᠤᠴᠠᠷᠠᠨ ᠵᠤᠯᠭᠠᠵᠤ ᠤᠷᠮ᠎ᠠ ᠰᠡᠳᠬᠢᠯ ᠢᠶᠠᠨ ᠰᠡᠷᠭᠦᠭᠡᠵᠦ ᠶᠠᠪᠤᠳᠠᠭ᠃ | ᠲᠡᠭᠡᠭᠡᠳ ᠠᠮᠲᠠᠲᠤ ᠢᠳᠡᠭᠡᠨ᠂ ᠭᠤᠶᠣ ᠦᠵᠡᠮᠵᠢ ᠪᠠᠨ ᠰᠡᠬᠦᠳᠡᠷ ᠲᠠᠳᠠᠵᠤ ᠨᠠᠶᠢᠵᠠ ᠶᠢᠨ ᠲᠣᠭᠤᠷᠢᠭ᠂ ᠣᠬᠤᠷ ᠸᠢᠳᠢᠣ᠋ ᠳᠡᠭᠡᠷ᠎ᠡ ᠬᠤᠪᠢᠶᠠᠯᠴᠠᠬᠤ ᠳᠤᠷᠠᠲᠠᠶ | ᠪᠠᠶᠢᠳᠠᠭ᠃ ᠬᠡᠳᠡᠯ᠎ᠠ ᠡᠲᠡᠭᠡᠷ ᠦᠢᠯᠡ ᠶᠠᠪᠤᠳᠠᠯ ᠴᠢᠨᠢ ᠬᠤᠪᠢ ᠬᠥᠮᠦᠨ ᠤ ᠮᠡᠳᠡᠭᠡ ᠵᠠᠩᠭᠢ ᠪᠠᠨ ᠳᠠᠮ ᠢᠶᠠᠷ ᠵᠠᠳᠠᠷᠠᠭᠤᠯᠬᠤ ᠶᠢ ᠲᠠ ᠮᠡᠳᠡᠨ᠎ᠡ ᠤᠤ︖ ᠬᠡᠷᠪᠡ ᠤᠨᠳᠤᠤ | ᠰᠠᠨᠠᠭ᠎ᠠ ᠲᠠᠢ ᠬᠥᠮᠦᠨ ᠬᠡᠷᠡᠭᠯᠡᠪᠡᠯ ᠥᠪᠡᠷ ᠪᠡᠶ᠎ᠠ ᠪᠠ ᠭᠡᠷ ᠤᠨ ᠬᠥᠮᠦᠰ ᠤᠨ ᠡᠳ᠋ ᠬᠥᠷᠥᠩᠭᠡ ᠴᠢᠨᠠᠭᠰᠢᠯᠠᠪᠠᠯ ᠬᠤᠪᠢ ᠬᠦᠮᠦᠨ ᠤ ᠠᠮᠤᠷ ᠲᠦᠪᠰᠢᠨ ᠢ ᠰᠦᠷᠳᠡᠭᠦᠯᠵᠦ | ᠮᠡᠳᠡᠨ᠎ᠡ᠃ | ᠬᠠᠮᠢᠶ᠎ᠠ ᠪᠦᠬᠦᠢ ᠬᠦᠷᠢᠶ᠎ᠠ ᠴᠠᠷᠠᠭᠠᠨ ᠤ ᠲᠤᠰᠬᠠᠢ ᠮᠡᠷᠭᠡᠵᠢᠯᠳᠡᠨ ᠠᠴᠠ ᠲᠤᠤᠷᠠᠬᠢ ᠬᠡᠳᠦᠨ ᠵᠦᠢᠯ ᠤᠨ ᠰᠡᠬᠦᠳᠡᠷ ᠢ ᠰᠦᠯᠵᠢᠶᠠᠨ ᠲᠡᠭᠡᠷ᠎ᠠ ᠲᠠᠯᠪᠢᠬᠤ ᠠᠴᠠ | ᠬᠢᠴᠢᠶᠡᠭᠡᠷᠡᠢ ᠭᠡᠵᠦ ᠤᠯᠠᠨ ᠳᠤ ᠰᠠᠨᠠᠭᠤᠯᠤᠨ᠎ᠠ᠃ ᠭᠠᠷ ᠲᠠᠭᠠᠨ ᠪᠡᠶ᠎ᠡ ᠶᠢᠨ ᠦᠨᠡᠮᠯᠡᠯ ᠪᠠᠷᠢᠬᠰᠠᠨ ᠰᠡᠬᠦᠳᠡᠷ ᠢ ᠲᠠᠯᠪᠢᠵᠦ ᠪᠤᠯᠬᠤ ᠦᠭᠡᠢ ᠡᠲᠡᠭᠡᠷ ᠰᠡᠬᠦᠳᠡᠷ ᠲᠤ | ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠣᠨ ᠰᠠᠭᠤᠴᠠ ᠶᠢᠨ ᠬᠠᠶ᠋ᠢᠭ ᠵᠡᠷᠭᠡ ᠮᠡᠳᠡᠭᠡ ᠵᠠᠩᠭᠢ ᠪᠠᠶᠢᠳᠠᠭ᠂ ᠬᠡᠷᠪᠡ ᠵᠠᠳᠠᠷᠠᠬᠤ ᠳᠤ | ᠬᠦᠷᠪᠡᠯ ᠬᠠᠤᠯᠢ ᠪᠤᠰᠤ ᠡᠲᠡᠭᠡᠳ ᠡᠲᠡᠭᠡᠷ ᠮᠡᠳᠡᠭᠡ ᠵᠠᠩᠭᠢ ᠶᠢ ᠠᠰᠢᠭᠯᠠᠨ ᠪᠡᠶ᠎ᠡ ᠶᠢᠨ ᠬᠢᠷᠢ ᠬᠡᠮ ᠢ ᠴᠢᠨᠢ ᠬᠤᠯᠠᠭᠠᠶᠢᠯᠠᠨ ᠬᠡᠷᠡᠭᠯᠡᠵᠦ᠂ ᠢᠲᠡᠭᠡᠮᠵᠢ ᠶᠢᠨ ᠺᠠᠷᠲ᠂ | ᠵᠢᠭᠡᠯᠡᠯᠭᠡ ᠵᠡᠷᠭᠡ ᠮᠥᠩᠭᠦᠨ ᠬᠦᠢᠯᠭᠡᠭᠡᠨ ᠤ ᠲᠤᠬᠠᠶᠢᠯᠠᠭᠰᠠᠨ ᠠᠵᠢᠯ ᠢ ᠬᠦᠢᠴᠡᠳᠭᠡᠵᠦ᠂ ᠴᠢᠨᠠᠭᠰᠢᠯᠠᠪᠠᠯ ᠬᠠᠤᠯᠢ ᠶᠢ ᠵᠥᠷᠢᠴᠡᠬᠦ ᠠᠵᠢᠯᠯᠠᠭ᠎ᠠ ᠬᠢᠵᠦ ᠮᠡᠳᠡᠨ᠎ᠡ᠃ | ᠡᠭᠦᠨ ᠠᠴᠠ ᠭᠠᠳᠠᠨ᠎ᠠ᠂ ᠭᠠᠷ ᠲᠠᠭᠠᠨ ᠴᠠᠭᠠᠨ ᠴᠠᠭᠠᠰᠤ ᠪᠠᠷᠢᠬᠤ ᠰᠡᠬᠦᠳᠡᠷ ᠪᠤᠶᠤ ᠰᠤᠨᠢᠨ ᠪᠠᠷᠢᠬᠤ ᠰᠡᠬᠦᠳᠡᠷ ᠢ ᠦᠷᠭᠦᠯᠵᠢ ᠪᠡᠶ᠎ᠡ ᠶᠢᠨ ᠬᠢᠷᠢ ᠬᠡᠮ ᠢ | ᠰᠢᠯᠭᠠᠬᠤ ᠳᠤ ᠬᠡᠷᠡᠭᠯᠡᠳᠡᠭ᠂ ᠬᠡᠷᠪᠡ ᠬᠠᠤᠯᠢ ᠪᠤᠰᠤ ᠡᠲᠡᠭᠡᠳ ᠣᠯᠵᠤ ᠠᠪᠤᠪᠠᠯ᠂ ᠬᠠᠭᠤᠷᠮᠠᠭ ᠦᠨᠡᠮᠯᠡᠯ ᠦᠢᠯᠡᠳᠬᠦ ᠪᠤᠶᠤ ᠰᠦᠯᠵᠢᠶᠡᠨ ᠤ ᠮᠡᠬᠡᠯᠡᠯ ᠶᠠᠪᠤᠭᠤᠯᠬᠤ ᠳᠤ | ᠬᠡᠷᠡᠭᠯᠡᠵᠦ ᠮᠡᠳᠡᠨ᠎ᠡ᠂ ᠢᠩᠭᠢᠪᠡᠯ ᠬᠤᠪᠢ ᠬᠥᠮᠦᠨ ᠳᠤ ᠴᠢᠨᠢ ᠠᠵᠤ ᠠᠬᠤᠶ ᠶᠢᠨ ᠬᠤᠬᠢᠷᠠᠯ ᠪᠠ ᠨᠡᠷ᠎ᠡ ᠲᠥᠷᠥ ᠶᠢᠨ ᠬᠤᠬᠢᠷᠠᠯ ᠤᠴᠠᠷᠠᠭᠤᠯᠵᠤ ᠮᠡᠳᠡᠨ᠎ᠡ᠃ ᠡᠯ᠎ᠡ | ᠵᠦᠢᠯ ᠤᠨ ᠬᠡᠷᠡᠴᠢ ᠪᠠᠷᠢᠮᠲᠠ ᠶᠢᠨ ᠲᠥᠷᠥᠯ ᠤᠨ ᠰᠡᠬᠦᠳᠡᠷ ᠢ ᠲᠠᠯᠪᠢᠵᠦ ᠪᠤᠯᠬᠤ ᠦᠭᠡᠢ ᠮᠠᠰᠢ ᠤᠯᠠᠨ ᠬᠥᠮᠦᠨ ᠠᠵᠢᠯ ᠢᠶᠠᠷ ᠭᠠᠳᠠᠭᠰᠢ ᠭᠠᠷᠬᠤ᠂ | ᠵᠢᠭᠤᠯᠴᠢᠯᠠᠬᠤ ᠳᠠᠭᠠᠨ ᠪᠦᠷ ᠭᠠᠯᠲᠤ ᠲᠡᠷᠭᠡᠨ ᠤ ᠪᠢᠯᠧᠲ ᠪᠤᠶᠤ ᠨᠢᠰᠭᠡᠯ ᠳᠤ ᠰᠠᠭᠤᠬᠤ ᠫᠠᠶᠢᠰᠠ ᠪᠠᠨ ᠰᠡᠭᠦᠳᠡᠷᠯᠡᠵᠦ᠂ ᠥᠪᠡᠷ ᠤᠨ ᠨᠠᠶᠢᠵᠠ ᠶᠢᠨ ᠲᠣᠭᠤᠷᠢᠭ ᠲᠠᠭᠠᠨ | ᠲᠠᠯᠪᠢᠵᠦ ᠬᠤᠪᠢᠶᠠᠯᠴᠠᠬᠤ ᠲᠤᠷᠠᠳᠠᠢ ᠪᠠᠶᠢᠳᠠᠭ᠃ ᠡᠳᠡᠭᠡᠷ ᠪᠢᠯᠧᠲ ᠭᠡᠷᠡᠴᠢ ᠳᠡᠭᠡᠷ᠎ᠡ ᠴᠢᠨᠢ ᠣᠪᠣᠭ ᠨᠡᠷ᠎ᠡ᠂ ᠮᠤᠷᠳᠠᠬᠤ ᠭᠠᠵᠠᠷ᠂ ᠬᠦᠷᠬᠦ ᠭᠠᠵᠠᠷ ᠵᠡᠷᠭᠡ ᠮᠡᠳᠡᠭᠡ | ᠵᠠᠩᠭᠢ ᠪᠠᠶᠢᠳᠠᠭ ᠢᠶᠠᠷ ᠪᠠᠷᠠᠬᠤ ᠦᠭᠡᠶ᠂ ᠵᠢᠷᠤᠭᠠᠰᠤᠨ ᠺᠤᠳ᠋ ᠪᠤᠶᠤ ᠬᠤᠶᠠᠷ ᠬᠡᠮᠵᠢᠯᠳᠦ ᠺᠤᠳ᠋ ᠲᠡᠭᠡᠷ᠎ᠡ ᠨᠢ ᠠᠶᠠᠨᠴᠢᠳ ᠤᠨ ᠬᠤᠪᠢ ᠬᠥᠮᠦᠨ ᠤ ᠮᠡᠳᠡᠭᠡ ᠵᠠᠩᠭᠢ | ᠪᠠᠶᠢᠳᠠᠭ ᠠᠴᠠ ᠬᠠᠤᠯᠢ ᠪᠤᠰᠤ ᠡᠲᠡᠭᠡᠳ ᠲᠤ ᠠᠰᠢᠬᠯᠠᠬᠳᠠᠬᠤ ᠪᠣᠯᠤᠯᠴᠠᠭ᠎ᠠ ᠲᠠᠢ ᠶᠤᠮ᠃ | ᠭᠡᠷ ᠤᠨ ᠲᠦᠯᠬᠢᠭᠦᠷ᠂ ᠲᠡᠷᠭᠡᠨ ᠫᠠᠶᠢᠰᠠ ᠵᠡᠷᠭᠡ ᠰᠡᠬᠦᠳᠡᠷ ᠢ ᠲᠠᠯᠪᠢᠵᠦ ᠪᠤᠯᠬᠤ ᠦᠭᠡᠢ ᠬᠠᠤᠯᠢ ᠪᠤᠰᠤ ᠡᠲᠡᠭᠡᠳ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ | ᠠᠷᠭ᠎ᠠ ᠪᠠᠷᠢᠯ ᠢᠶᠠᠷ ᠲᠠᠮᠵᠢᠭᠤᠯᠤᠨ᠂ ᠰᠡᠬᠦᠳᠡᠷ ᠨᠡᠶᠢᠳᠡᠯᠡᠭᠰᠡᠨ ᠬᠦᠮᠦᠨ ᠤ ᠤᠨᠴᠠᠭᠠᠢ ᠴᠠᠭ ᠬᠤᠭᠤᠴᠠᠭᠠᠨ ᠳᠠᠬᠢ ᠣᠨᠴᠠ ᠲᠣᠭᠲᠠᠭᠰᠠᠨ ᠣᠷᠣᠨ ᠪᠠᠶᠢᠷᠢ ᠶᠢ ᠵᠠᠳᠠᠯᠤᠨ | ᠭᠠᠷᠭᠠᠬᠤ ᠪᠦᠭᠡᠳ ᠪᠠᠰᠠ ᠨᠡᠶᠢᠲᠡᠯᠡᠭᠰᠡᠨ ᠬᠦᠮᠦᠨ ᠤ ᠠᠮᠢᠳᠤᠷᠠᠯ ᠤᠨ ᠳᠠᠳᠬᠠᠯ ᠢ ᠣᠶᠢᠯᠠᠭᠠᠵᠦ ᠪᠣᠯᠤᠨ᠎ᠠ᠃ ᠢᠩᠬᠢᠬᠦᠯᠡᠷ ᠰᠦᠯᠵᠢᠶᠡᠨ ᠲᠡᠭᠡᠷ᠎ᠠ ᠲᠠᠯᠪᠢᠬᠤ | ᠰᠡᠬᠦᠳᠡᠷ ᠲᠤ ᠭᠡᠷ ᠤᠨ ᠲᠦᠯᠬᠢᠭᠦᠷ᠂ ᠲᠡᠷᠭᠡᠨ ᠫᠠᠶᠢᠰᠠ ᠶᠢᠨ ᠨᠣᠮᠧᠷ ᠵᠡᠷᠭᠡ ᠢᠯᠡᠷᠬᠡᠶ ᠣᠨᠴᠠᠯᠢᠭ ᠲᠠᠢ ᠶᠠᠭᠤᠮᠠᠰ ᠢ ᠪᠢᠲᠡᠭᠡᠶ ᠤᠷᠤᠭᠤᠯᠤᠭᠠᠷᠠᠢ᠃ |