ᠠᠦ᠋ᠰᠲᠷᠠᠯᠢᠶ᠎ᠠ ᠶᠢᠨ ᠰᠢᠳ᠋ᠨᠢ ᠶᠡᠭᠡ ᠰᠤᠷᠭᠠᠭᠤᠯᠢ ᠪᠠ ᠠᠩᠭ᠍ᠯᠢ ᠶᠢᠨ ᠯᠤᠨᠳᠤᠨ ᠶᠡᠭᠡ ᠰᠤᠷᠭᠠᠭᠤᠯᠢ ᠶᠢᠨ ᠳᠡᠭᠡᠳᠦ ᠰᠤᠷᠭᠠᠭᠤᠯᠢ ᠶᠢᠨ ᠰᠤᠳᠤᠯᠭᠠᠲᠠᠳ ᠤᠨ | ᠳᠠᠭᠠᠭᠤᠯᠤᠨ ᠥᠷᠨᠢᠭᠦᠯᠦᠭᠰᠡᠨ ᠨᠢᠭᠡᠨ ᠰᠢᠨ᠎ᠡ ᠰᠤᠳᠤᠯᠭᠠᠨ ᠳᠤ ᠬᠠᠷᠠᠭᠤᠯᠤᠬᠰᠡᠨ ᠢᠶᠠᠷ᠂ ᠡᠳᠦᠷ ᠪᠦᠷᠢ ᠪᠠᠭ᠎ᠠ ᠬᠡᠮᠵᠢᠶᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ | ᠵᠢᠱᠢᠶᠡᠯᠡᠪᠡᠯ ᠭᠦᠶᠦᠬᠦ᠂ ᠳᠤᠭᠤᠶ ᠤᠨᠤᠬᠤ ᠪᠤᠶᠤ ᠱᠠᠲᠤ ᠠᠪᠠᠷᠢᠬᠤ ᠵᠡᠷᠭᠡ ᠨᠢ ᠴᠢᠰᠤᠨ ᠳᠠᠷᠤᠯᠲᠠ ᠶᠢ ᠪᠠᠭᠤᠷᠠᠭᠤᠯᠬᠤ ᠳᠤ ᠠᠰᠢᠭᠲᠠᠶ ᠪᠠᠶᠢᠳᠠᠭ᠃ ᠬᠤᠯᠪᠤᠬᠳᠠᠯ | ᠪᠦᠬᠦᠢ ᠥᠭᠦᠯᠡᠯ ᠨᠢᠭᠡᠨᠲᠡ ᠠᠮᠧᠷᠢᠺᠠ ᠶᠢᠨ ᠵᠢᠷᠦᠬᠡᠨ ᠤ ᠨᠡᠶᠢᠭᠡᠮᠯᠢᠭ ᠤᠨ ᠡᠷᠬᠢᠯᠡᠭᠰᠡᠨ ︽ᠣᠷᠴᠢᠯ︾ ᠰᠡᠳᠬᠦᠯ ᠳᠡᠭᠡᠷ᠎ᠡ ᠨᠡᠶᠢᠲᠡᠯᠡᠭᠳᠡᠵᠡᠢ᠃ | ᠰᠢᠳ᠋ᠨᠢ ᠶᠡᠭᠡ ᠰᠤᠷᠭᠠᠭᠤᠯᠢ ᠣᠶᠢᠷ᠎ᠠ ᠳᠤ ᠰᠣᠨᠢᠨ ᠮᠡᠳᠡᠭᠡᠨ ᠤ ᠠᠯᠪᠠᠨ ᠮᠡᠳᠡᠭᠡ ᠨᠡᠶᠢᠲᠡᠯᠡᠵᠦ᠂ ᠴᠢᠰᠤᠨ ᠳᠠᠷᠤᠯᠲᠠ ᠥᠨᠳᠥᠷ ᠨᠢ ᠪᠥᠬᠦ ᠳᠡᠯᠡᠬᠡᠶ ᠶᠢᠨ 12. | 8 ᠳ᠋ᠦᠩᠰᠢᠭᠤᠷ ᠣᠷᠴᠢᠮ ᠨᠠᠰᠤᠨ ᠳᠤ ᠭᠦᠷᠦᠭᠰᠡᠳ ᠢ ᠨᠥᠯᠥᠭᠡᠯᠡᠵᠦ᠂ ᠰᠠ ᠡᠪᠡᠳᠴᠢᠨ᠂ ᠵᠢᠷᠦᠬᠡᠨ ᠡᠪᠡᠳᠴᠢᠨ᠂ ᠵᠢᠷᠦᠬᠡᠨ ᠲᠠᠮᠢᠷ ᠮᠠᠭᠤᠳᠠᠬᠤ᠂ ᠪᠥᠭᠡᠷ᠎ᠡ ᠶᠢᠨ | ᠭᠡᠮᠲᠦᠯ ᠵᠡᠷᠭᠡ ᠠᠯᠢ ᠣᠯᠠᠨ ᠡᠷᠡᠭᠦᠯ ᠮᠡᠨᠳᠦ ᠶᠢᠨ ᠠᠰᠠᠭᠤᠳᠠᠯ ᠢ ᠡᠭᠦᠰᠭᠡᠵᠦ ᠮᠡᠳᠡᠨ᠎ᠡ᠂ ᠢᠯᠡᠷᠡᠯ ᠨᠢ ᠢᠯᠡᠷᠬᠡᠶ ᠪᠤᠰᠤ ᠠᠴᠠ ᠪᠣᠯᠵᠣ ᠦᠷᠭᠦᠯᠵᠢ ︽ᠳᠤᠭᠤᠶ | ᠶᠠᠷᠭᠠᠴᠢᠨ︾ ᠬᠡᠮᠡᠭᠳᠡᠳᠡᠭ ᠭᠡᠵᠤ ᠬᠡᠯᠡᠪᠡ᠃ ᠥᠭᠦᠯᠡᠯ ᠤᠨ ᠴᠢᠮᠡᠭᠡᠯᠡᠯ ᠤᠨ ᠵᠣᠬᠢᠶᠠᠭᠴᠢ ᠶᠢᠨ ᠨᠢᠭᠡ᠂ ᠰᠢᠳ᠋ᠨᠢ ᠶᠡᠭᠡ ᠰᠤᠷᠭᠠᠭᠤᠯᠢ ᠶᠢᠨ ᠴᠠᠷᠯᠧᠰ · ᠫᠤᠷᠺᠢᠨᠰ | ᠲᠥᠪ ᠤᠨ ᠫᠷᠤᠹᠧᠰᠰᠤᠷ ᠠᠶᠢᠮᠠᠨᠢᠤᠶᠢᠢᠢᠷ · ᠰᠲ᠋ᠠᠮᠠᠲ᠋ᠠᠵᠢᠰ᠂ ᠴᠢᠰᠤᠨ ᠳᠠᠷᠤᠯᠲᠠ ᠥᠨᠳᠥᠷ ᠪᠣᠯ ᠪᠥᠬᠦ ᠪᠥᠮᠪᠥᠷᠴᠡᠭ ᠤᠨ ᠬᠠᠮᠤᠭ ᠤᠨ ᠭᠤᠤᠯ ᠪᠣᠯᠬᠤ ᠡᠷᠡᠭᠦᠯ | ᠮᠡᠨᠳᠦ ᠶᠢᠨ ᠠᠰᠠᠭᠤᠳᠠᠯ ᠤᠨ ᠨᠢᠭᠡ ᠮᠥᠨ᠂ ᠭᠡᠪᠡᠴᠦ ᠪᠤᠰᠤᠳ ᠵᠠᠷᠢᠮ ᠠᠮᠢᠨ ᠳᠤ ᠬᠦᠷᠬᠦ ᠪᠣᠯᠤᠮᠵᠢ ᠲᠠᠢ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠠᠳᠠᠯᠢ | ᠥᠬᠡᠶ᠂ ᠡᠮ ᠢᠶᠠᠷ ᠵᠠᠰᠠᠬᠤ ᠠᠴᠠ ᠭᠠᠳᠠᠨ᠎ᠠ᠂ ᠴᠢᠰᠤᠨ ᠳᠠᠷᠤᠯᠲᠠ ᠥᠨᠳᠥᠷ ᠡᠪᠡᠳᠴᠢᠨ ᠢ ᠪᠠᠰᠠ ᠬᠠᠷᠢᠴᠠᠩᠭᠤᠶ ᠬᠢᠯᠪᠠᠷ ᠠᠷᠭ᠎ᠠ ᠪᠠᠷ ᠠᠷᠭᠠᠴᠠᠭᠠᠵᠤ ᠮᠡᠳᠡᠨ᠎ᠡ ᠭᠡᠵᠤ | ᠵᠢᠭᠠᠵᠤ ᠭᠠᠷᠭᠠᠪᠠ᠃ | ᠰᠤᠳᠤᠯᠭᠠᠨ ᠤ ᠪᠦᠯᠬᠦᠮ ᠤᠨ ᠬᠢᠨ 5 ᠤᠯᠤᠰ ᠠᠴᠠ ᠢᠷᠡᠭᠰᠡᠨ 1.4 ᠲᠦᠮᠡ ᠭᠠᠷᠤᠶ ᠰᠠᠶᠢᠨ ᠲᠤᠷᠠᠴᠤᠳ ᠤᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠳᠤ | ᠵᠠᠳᠠᠯᠤᠯᠲᠠ ᠬᠢᠵᠦ᠂ ᠨᠢᠭᠡ ᠡᠳᠦᠷ ᠤᠨ ᠳᠣᠲᠣᠷ᠎ᠠ ᠨᠢᠭᠡ ᠵᠦᠢᠯ ᠤᠨ ᠬᠥᠳᠡᠯᠭᠡᠭᠡᠨ ᠤ ᠠᠵᠢᠯᠯᠠᠭ᠎ᠠ ᠪᠣᠯᠤᠨ ᠴᠢᠰᠤᠨ ᠳᠠᠷᠤᠯᠲᠠ ᠶᠢᠨ ᠬᠤᠭᠤᠷᠣᠨᠳᠣᠬᠢ ᠬᠠᠷᠢᠴᠠᠭ᠎ᠠ ᠶᠢ | ᠰᠤᠳᠤᠯᠬᠤ ᠪᠠᠷ ᠪᠠᠶᠢᠨ᠎ᠠ᠃ ᠣᠷᠣᠯᠴᠠᠭᠴᠢ ᠶᠢᠨ ᠡᠳᠦᠷ ᠲᠤᠲᠤᠮ ᠤᠨ ᠬᠥᠳᠡᠯᠭᠡᠭᠡᠨ ᠢ ᠤᠨᠲᠠᠬᠤ᠂ ᠤᠳᠠᠭᠠᠨ ᠰᠠᠭᠤᠬᠤ᠂ ᠤᠳᠠᠭᠠᠨ ᠶᠠᠪᠤᠬᠤ᠂ ᠲᠦᠷᠭᠡᠨ ᠶᠠᠪᠤᠬᠤ᠂ | ᠵᠣᠭᠰᠣᠬᠤ ᠪᠠ ᠨᠡᠯᠢᠶᠡᠳ ᠰᠢᠷᠦᠭᠦᠨ ᠬᠥᠳᠡᠯᠭᠡᠭᠡᠨ ︵ᠭᠦᠶᠦᠬᠦ᠂ ᠳᠤᠭᠤᠶ ᠤᠨᠤᠬᠤ ᠪᠤᠶᠤ ᠠᠰᠠᠷ ᠤᠨ ᠱᠠᠲᠤ ᠠᠪᠠᠷᠢᠬᠤ ᠵᠡᠷᠭᠡ︶ ᠭᠡᠬᠦ ᠵᠢᠷᠭᠤᠭᠠᠨ ᠲᠥᠷᠥᠯ ᠳᠤ | ᠬᠤᠪᠢᠶᠠᠨ᠎ᠠ᠃ ᠣᠷᠣᠯᠴᠠᠭᠴᠢ ᠪᠣᠯᠭᠠᠨ ᠪᠦᠷ ᠭᠤᠶ᠎ᠠ ᠳᠡᠭᠡᠷ᠎ᠡ ᠪᠠᠨ ᠬᠤᠷᠳᠤᠴᠠ ᠨᠡᠮᠡᠬᠦ ᠬᠡᠮᠵᠢᠭᠦᠷ ᠵᠡᠭᠦᠵᠦ᠂ ᠲᠡᠳᠡᠨ ᠤ ᠪᠦᠬᠦ ᠡᠳᠦᠷ ᠤᠨ ᠬᠥᠳᠡᠯᠭᠡᠭᠡᠨ ᠵᠡᠷᠭᠡ ᠶᠢ | ᠬᠡᠮᠵᠢᠨ᠎ᠡ᠃ ᠰᠤᠳᠤᠯᠭᠠᠨ ᠤ ᠪᠦᠯᠬᠦᠮ ᠵᠠᠭᠪᠤᠷ ᠢᠶᠠᠷ ᠳᠠᠮᠵᠢᠨ ᠣᠷᠣᠯᠴᠠᠭᠴᠢ ᠶᠢᠨ ᠡᠯ᠎ᠡ ᠵᠦᠢᠯ ᠤᠨ ᠬᠥᠳᠡᠯᠭᠡᠭᠡᠨ ᠤ ᠬᠡᠯᠪᠡᠷᠢ ᠶᠢᠨ ᠬᠤᠭᠤᠷᠣᠨᠳᠣ ᠰᠣᠯᠢᠬᠤ ᠨᠢ | ᠴᠢᠰᠤᠨ ᠳᠠᠷᠤᠯᠲᠠ ᠳᠤ ᠦᠵᠡᠭᠦᠯᠬᠦ ᠨᠥᠯᠥᠭᠡ ᠶᠢ ᠪᠠᠷᠤᠭᠴᠠᠭᠠᠯᠠᠨ ᠪᠣᠳᠣᠵᠠᠢ᠃ | ᠰᠤᠳᠤᠯᠭᠠᠨ ᠳᠤ ᠵᠢᠱᠢᠭᠰᠡᠨ ᠢᠶᠠᠷ᠂ ᠡᠳᠦᠷ ᠪᠦᠷᠢ ᠢᠯᠡᠭᠦᠦ 5 ᠮᠢᠨᠦ᠋ᠲ ᠬᠥᠳᠡᠯᠭᠡᠭᠡᠨ ᠬᠢᠪᠡᠯ ᠴᠢᠰᠤᠨ ᠳᠠᠷᠤᠯᠲᠠ ᠶᠢ ᠮᠡᠳᠡᠭᠳᠡᠮ᠎ᠡ ᠪᠠᠭᠤᠷᠠᠭᠤᠯᠵᠤ ᠴᠢᠳᠠᠨ᠎ᠠ︔ | ᠡᠳᠦᠷ ᠪᠦᠷᠢ 20 — 27 ᠮᠢᠨᠦ᠋ᠲ ᠨᠡᠯᠢᠶᠡᠳ ᠰᠢᠷᠦᠭᠦᠨ ᠬᠥᠳᠡᠯᠭᠡᠭᠡᠨ ᠢᠶᠠᠷ ᠤᠳᠠᠭᠠᠨ ᠰᠠᠭᠤᠬᠤ ᠶᠢ ᠣᠷᠣᠯᠠᠭᠤᠯᠪᠠᠯ᠂ ᠡᠮᠴᠢᠯᠡᠭᠡᠨ ᠤ ᠠᠴᠢ | ᠬᠤᠯᠪᠣᠭᠳᠠᠯ ᠲᠠᠢ ᠴᠢᠰᠤᠨ ᠳᠠᠷᠤᠯᠲᠠ ᠶᠢ ᠪᠠᠭᠤᠷᠠᠭᠤᠯᠵᠤ ᠮᠡᠳᠡᠬᠦ ᠪᠥᠭᠡᠳ ᠬᠠᠮᠲᠤᠯᠢᠭ ᠤᠨ ᠲᠠᠯ᠎ᠠ ᠠᠴᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠭᠦᠰᠭᠦ | ᠨᠣᠷᠮ᠎ᠠ ᠶᠢ 28% ᠳᠤ ᠬᠦᠷᠲᠡᠯ᠎ᠡ ᠪᠠᠭᠤᠷᠠᠭᠤᠯᠵᠤ ᠮᠡᠳᠡᠨ᠎ᠡ᠃ ᠰᠤᠳᠤᠯᠭᠠᠨ ᠤ ᠠᠵᠢᠯᠲᠠᠨ᠂ ᠡᠨᠡ ᠬᠦ ᠰᠢᠨ᠎ᠡ ᠰᠤᠳᠤᠯᠭᠠᠨ ᠳᠤ ᠬᠠᠷᠠᠭᠤᠯᠤᠬᠰᠡᠨ ᠢᠶᠠᠷ᠂ ᠪᠣᠳᠠᠭᠠᠯᠢ | ᠪᠡᠶ᠎ᠡ ᠶᠢᠨ ᠪᠠᠶᠢᠳᠠᠯ ᠶᠠᠮᠠᠷ ᠪᠠᠶᠢᠭᠰᠠᠨ ᠴᠤ᠂ ᠡᠳᠦᠷ ᠪᠦᠷᠢ ᠣᠬᠤᠷ ᠬᠤᠭᠤᠴᠠᠭᠠᠨ ᠤ ᠬᠥᠳᠡᠯᠭᠡᠭᠡᠨ ᠬᠢᠪᠠᠯ ᠴᠢᠰᠤᠨ ᠳᠠᠷᠤᠯᠲᠠ ᠳᠤ ᠢᠳᠡᠪᠬᠢᠲᠡᠶ ᠨᠥᠯᠥᠭᠡ | ᠦᠵᠡᠭᠦᠯᠵᠦ ᠮᠡᠳᠡᠨ᠎ᠡ᠃ | ᠡᠨᠡ ᠬᠦ ᠰᠤᠳᠤᠯᠭᠠᠨ ᠤ ᠨᠢᠭᠡ ᠣᠨᠴᠠᠭᠠᠶ ᠲᠠᠯ᠎ᠠ ᠭᠡᠪᠡᠯ ᠨᠡᠶᠢᠲᠡ ᠶᠢᠨ ᠮᠠᠰᠢᠨ ᠲᠡᠷᠭᠡ᠂ ᠣᠶᠢᠷ᠎ᠠ ᠵᠠᠮ ᠤᠨ ᠳᠤᠭᠤᠶ ᠲᠡᠷᠭᠡ ᠵᠡᠷᠭᠡ ᠡᠳᠦᠷ ᠲᠤᠲᠤᠮ ᠤᠨ | ᠬᠥᠳᠡᠯᠭᠡᠭᠡᠨ ᠢ ᠪᠠᠭᠲᠠᠭᠠᠵᠤ᠂ ᠲᠡᠳᠡᠭᠡᠷ ᠨᠢ ᠴᠥᠮ ᠪᠡᠶ᠎ᠡ ᠶᠢᠨ ᠲᠠᠮᠢᠷ ᠤᠨ ᠪᠣᠯᠪᠠᠰᠤᠷᠠᠯ ᠲᠠᠢ ᠠᠳᠠᠯᠢᠪᠲᠤᠷ ᠦᠷ᠎ᠡ ᠳ᠋ᠦᠩ ᠢ ᠭᠠᠷᠭᠠᠵᠤ ᠴᠢᠳᠠᠨ᠎ᠠ ᠭᠡᠵᠤ ᠢᠯᠡᠳᠭᠡᠪᠡ᠃ | |