︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠳᠡᠬᠦᠰ ᠤᠨ ᠨᠦᠬᠦᠪᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2025/5/9
      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠡᠳ᠋ ᠤᠨ ᠵᠠᠰᠠᠭ ᠤᠨ ᠬᠦᠷᠢᠶ᠎ᠡ ᠴᠠᠷᠠᠭ᠎ᠠ ᠳᠤ ᠤᠯᠠᠮ ᠴᠢᠨᠠᠬᠰᠢᠳᠠ ᠴᠣᠮᠬᠠᠳᠬᠠᠨ ᠡᠷᠬᠡ ᠶᠢ ᠪᠠᠭᠤᠯᠭᠠᠵᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2024︺ 52 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠦᠳᠡᠬᠦᠰ ᠤᠨ ᠨᠦᠬᠦᠪᠤᠷᠢ ᠮᠥᠩᠭᠦ ᠶᠢᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠴᠢᠩᠭᠠᠳᠬᠠᠬᠤ ᠶᠢᠨ ᠲᠥᠯᠥᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠢᠨ ᠤᠷᠴᠢᠮ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠳᠡᠬᠦᠰ ᠤᠨ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠪᠠ᠂ ᠡᠳᠦᠭᠡ ᠲᠠᠷᠠᠭᠠᠬᠢ ᠮᠡᠲᠦ ᠲᠠᠶᠢᠯᠤᠮᠵᠢ ᠬᠢᠰᠤᠬᠡᠢ᠃       ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠳᠡᠬᠦᠰ ᠤᠨ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︾ ᠨᠢ ᠵᠢᠷᠭᠤᠭᠠᠨ ᠪᠦᠯᠦᠭ᠂ ᠬᠤᠷᠢᠨ ᠵᠢᠷᠭᠤᠭᠠᠨ ᠵᠦᠢᠯ ᠲᠠᠢ᠂ ᠶᠡᠷᠦᠩᠬᠡᠢ ᠳᠦᠷᠢᠮ᠂ ᠣᠯᠭᠤᠬᠤ ᠬᠡᠪᠴᠢᠶ᠎ᠡ ᠪᠠ ᠪᠠᠷᠢᠮᠵᠢᠶ᠎ᠠ᠂ ᠭᠤᠶᠤᠴᠢᠯᠠᠯ ᠢ ᠬᠢᠨᠠᠨ ᠬᠠᠷᠭᠤᠭᠤᠯᠬᠤ ᠪᠠ ᠣᠯᠭᠤᠬᠤ᠂ ᠬᠤᠪᠢᠷᠠᠭᠤᠯᠬᠤ ᠪᠠ ᠳᠠᠭᠤᠰᠬᠠᠬᠤ᠂ ᠠᠵᠢᠯ ᠤᠨ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠤᠯᠤᠨ ᠳᠠᠭᠠᠯᠳᠤᠭᠤᠯᠤᠭᠰᠠᠨ ᠳᠦᠷᠢᠮ ᠭᠡᠵᠦ ᠬᠤᠪᠢᠶᠠᠨ᠎ᠠ᠃       ᠨᠢᠭᠡ᠂ ᠦᠳᠡᠬᠦᠰ ᠤᠨ ᠨᠦᠬᠦᠪᠤᠷᠢ ᠶᠢ ᠣᠯᠭᠤᠬᠤ ᠬᠡᠪᠴᠢᠶ᠎ᠡ᠂ ᠪᠠᠷᠢᠮᠵᠢᠶ᠎ᠠ ᠪᠣᠯᠣᠨ ᠴᠠᠭ ᠤᠨ ᠲᠤᠬᠠᠢ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠳᠡᠬᠦᠰ ᠤᠨ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠲᠠᠩᠰᠠ ᠲᠠᠢ᠂ ᠡᠷᠦᠬᠡ ᠠᠮᠠ ᠶᠢᠨ ᠲᠠᠩᠰᠨᠨ ᠲᠡᠬᠡᠷᠡᠬᠢ ᠨᠠᠰᠤ ᠨᠢ ᠪᠦᠬᠦᠯᠢ 80 ᠨᠠᠰᠤ ︵ᠪᠦᠬᠦᠯᠢ 80 ᠨᠠᠰᠤ ᠪᠠᠭᠲᠠᠨ᠎ᠠ︶ ᠠᠴᠠ ᠪᠦᠬᠦᠯᠢ 99 ᠨᠠᠰᠤ ᠬᠦᠷᠲᠡᠯᠡᠬᠢ ᠨᠠᠰᠤᠲᠠᠶᠢᠴᠤᠳ ᠲᠤ ᠬᠥᠮᠥᠨ ᠪᠦᠷᠢ ᠰᠠᠷ᠎ᠠ ᠳᠤ 100 ᠲᠥᠭᠦᠷᠢᠭ᠃ ᠪᠦᠬᠦᠯᠢ 100 ᠨᠠᠰᠤ ︵ᠪᠦᠬᠦᠯᠢ 100 ᠨᠠᠰᠤ ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠲᠤ ᠬᠥᠮᠥᠨ ᠪᠦᠷᠢ ᠰᠠᠷ᠎ᠠ ᠳᠤ 600 ᠲᠥᠭᠦᠷᠢᠭ ᠣᠯᠭᠤᠨ᠎ᠠ᠃ ᠦᠳᠡᠬᠦᠰ ᠤᠨ ᠨᠦᠬᠦᠪᠤᠷᠢ ᠶᠢ ᠵᠠᠷᠴᠢᠮ ᠳᠡᠭᠡᠷ᠎ᠡ ᠪᠠᠨ ᠤᠯᠠᠷᠢᠯ ᠢᠶᠠᠷ ᠣᠯᠭᠤᠵᠤ᠂ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠨᠤᠭᠤᠳ ᠰᠠᠷ᠎ᠠ ᠪᠠᠷ ᠤᠯᠭᠤᠨ᠎ᠠ︾ ᠭᠡᠵᠤ ᠲᠤᠬᠳᠠᠭᠠᠯ᠎ᠠ᠃       ᠬᠤᠶᠠᠷ᠂ ᠦᠳᠡᠬᠦᠰ ᠤᠨ ᠨᠦᠬᠦᠪᠤᠷᠢ ᠶᠢ ᠭᠤᠶᠤᠴᠢᠯᠠᠬᠤ ᠲᠤᠬᠠᠢ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠳᠡᠬᠦᠰ ᠤᠨ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ᠄ ︽ᠦᠳᠡᠬᠦᠰ ᠤᠨ ᠨᠦᠬᠦᠪᠤᠷᠢ ᠶᠢ ᠰᠠᠶᠢᠨ ᠳᠤᠷ᠎ᠠ ᠠᠴᠠ ᠪᠠᠨ ᠭᠤᠶᠤᠴᠢᠯᠠᠬᠤ ᠪᠠᠷ ᠵᠠᠷᠴᠢᠮ ᠪᠣᠯᠭᠠᠵᠤ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠡᠷᠦᠬᠡ ᠠᠮᠠ ᠶᠢᠨ ᠲᠠᠩᠰᠠ ᠪᠠᠶᠢᠭ᠎ᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠳᠤ ᠬᠤᠪᠢ ᠬᠥᠮᠥᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃ ᠴᠢᠳᠠᠪᠤᠷᠢ ᠪᠠᠨ ᠠᠯᠳᠠᠭᠰᠠᠨ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠦᠳᠡᠬᠦᠰ ᠢ ᠲᠥᠷᠥᠯ ᠰᠠᠳᠤᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠨ ᠬᠦᠴᠦᠨ ᠪᠦᠬᠦᠢ ᠦᠨᠡᠮᠯᠡᠯ ᠢᠶᠠᠷ ᠢᠶᠠᠨ ᠣᠷᠣᠯᠠᠨ ᠭᠤᠶᠤᠴᠢᠯᠠᠵᠤ ᠪᠣᠯᠣᠨ᠎ᠠ᠃ ᠲᠥᠪᠯᠡᠷᠡᠭᠦᠯᠦᠨ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠥᠰ ᠤᠨ ᠳᠣᠲᠣᠷᠠᠬᠢ ᠦᠳᠡᠬᠦᠰ ᠢ ᠪᠠᠶᠢᠭ᠎ᠠ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠠᠵᠢᠯᠲᠠᠨ ᠬᠦᠴᠦᠨ ᠪᠦᠬᠦᠢ ᠦᠨᠡᠮᠯᠡᠯ ᠢᠶᠠᠷ ᠢᠶᠠᠨ ᠣᠷᠣᠯᠠᠨ ᠭᠤᠶᠤᠴᠢᠯᠠᠵᠤ ᠪᠣᠯᠣᠨ᠎ᠠ︾ ᠭᠡᠵᠤ ᠲᠤᠬᠳᠠᠭᠠᠬᠰᠠᠨ ᠪᠠᠶᠢᠨ᠎ᠠ᠃       ᠭᠤᠷᠪᠠ᠂ ᠦᠳᠡᠬᠦᠰ ᠤᠨ ᠨᠦᠬᠦᠪᠤᠷᠢ ᠶᠢ ᠣᠯᠭᠤᠬᠤ᠂ ᠬᠤᠪᠢᠷᠠᠭᠤᠯᠬᠤ ᠪᠠ ᠵᠣᠭᠰᠤᠭᠠᠬᠤ ᠲᠤᠬᠠᠢ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠳᠡᠬᠦᠰ ᠤᠨ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ᠄ ︽ᠠᠩᠬ᠎ᠠ ᠤᠳᠠᠭ᠎ᠠ ᠭᠤᠶᠤᠴᠢᠯᠠᠨ ᠠᠪᠤᠭᠰᠠᠨ ᠨᠠᠰᠤᠲᠠᠶᠢᠴᠤᠳ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠭᠤᠶᠤᠴᠢᠯᠠᠯ ᠤᠨ ᠬᠦᠰᠦᠨᠦᠭᠲᠦ ᠲᠤᠰᠢᠶᠠᠭᠰᠠᠨ ᠪᠥᠭᠡᠳ ᠠᠪᠬᠤ ᠨᠠᠰᠤᠨ ᠳᠤ ᠨᠡᠶᠢᠴᠡᠭᠰᠡᠨ ᠲᠣᠰ ᠰᠠᠷ᠎ᠠ ᠠᠴᠠ ᠡᠬᠢᠯᠡᠨ ᠦᠳᠡᠬᠦᠰ ᠤᠨ ᠨᠦᠬᠦᠪᠤᠷᠢ ᠶᠢ ᠭᠥᠷᠳᠡᠨ᠎ᠡ᠃ ᠦᠳᠡᠬᠦᠰ ᠤᠨ ᠨᠦᠬᠦᠪᠤᠷᠢ ᠶᠢ ᠨᠢᠭᠡᠨᠲᠡ ᠭᠥᠷᠳᠡᠭᠰᠡᠨ ᠨᠠᠰᠤᠲᠠᠶᠢᠴᠤᠳ ᠤᠯᠠᠷᠢᠯ ᠪᠦᠷᠢ ᠶᠢᠨ ᠰᠡᠭᠦᠯᠴᠢ ᠶᠢᠨ ᠰᠠᠷ᠎ᠠ ᠶᠢᠨ 1 — 20 ᠬᠤᠨᠤᠭ ᠲᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠵᠢᠭᠠᠨ ᠲᠣᠭᠲᠠᠭᠠᠭᠰᠠᠨ ᠭᠡᠷᠡᠴᠢᠯᠡᠯ ᠤᠨ ᠰᠢᠯᠵᠢᠮᠡᠯ ᠬᠤᠯᠪᠤᠭ᠎ᠠ ᠪᠠᠷ ᠳᠡᠮᠵᠢᠨ ᠭᠡᠷᠡᠴᠢᠯᠡᠭᠰᠡᠨ ᠤ ᠳᠠᠷᠠᠭ᠎ᠠ ᠲᠣᠰ ᠤᠯᠠᠷᠢᠯ ᠤᠨ ᠦᠳᠡᠬᠦᠰ ᠤᠨ ᠨᠦᠬᠦᠪᠤᠷᠢ ᠶᠢ ᠠᠪᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠢ ᠵᠢᠯᠤᠭᠤᠳᠴᠤ ᠪᠠᠶᠢᠭᠠᠳ ᠬᠠᠷᠢᠶ᠎ᠠ ᠣᠷᠣᠨ ᠤ ᠪᠠᠨ ᠦᠳᠡᠬᠦᠰ ᠢ ᠬᠠᠪᠰᠤᠷᠤᠨ ᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ᠃       ᠦᠳᠡᠬᠦᠰ ᠤᠨ ᠨᠦᠬᠦᠪᠤᠷᠢ ᠶᠢ ᠭᠡᠷᠡᠴᠢᠯᠡᠬᠦ ᠶᠢ ᠦᠨᠳᠦᠰᠦᠯᠡᠨ ᠣᠯᠭᠤᠵᠤ᠂ ᠲᠣᠭᠲᠠᠭᠠᠯ ᠶᠣᠰᠣᠭᠠᠷ ᠭᠡᠷᠡᠴᠢᠯᠡᠬᠦ ᠳᠤ ᠣᠷᠣᠯᠴᠠᠭᠰᠠᠨ ᠦᠭᠡᠢ ᠮᠥᠷᠲᠡᠭᠡᠨ ᠤᠯᠠᠨ ᠠᠷᠭ᠎ᠠ ᠪᠠᠷ ᠳᠠᠮᠵᠢᠭᠤᠯᠤᠨ ᠬᠠᠷᠢᠯᠴᠠᠬᠤ ᠶᠢᠨ ᠠᠷᠭ᠎ᠠ ᠦᠭᠡᠢ ᠪᠤᠯ ᠦᠳᠡᠬᠦᠰ ᠤᠨ ᠨᠦᠬᠦᠪᠤᠷᠢ ᠶᠢ ᠲᠠᠷᠠᠭᠠᠴᠢ ᠶᠢᠨ ᠣᠯᠭᠤᠬᠤ ᠬᠤᠭᠤᠴᠠᠭ᠎ᠠ ᠠᠴᠠ ᠡᠬᠢᠯᠡᠨ ᠣᠯᠭᠤᠬᠤ ᠪᠠᠨ ᠪᠤᠯᠢᠨ᠎ᠠ᠃ ᠬᠠᠷᠢᠯᠴᠠᠬᠤ ᠶᠢᠨ ᠬᠠᠮᠲᠤ ᠬᠢᠷᠢ ᠬᠡᠮ ᠤᠨ ᠭᠡᠷᠡᠴᠢᠯᠡᠭᠡ ᠪᠠᠷ ᠳᠡᠮᠵᠢᠨ ᠲᠣᠰ ᠰᠠᠷ᠎ᠠ ᠠᠴᠠ ᠡᠬᠢᠯᠡᠨ ᠦᠷᠭᠦᠯᠵᠢᠯᠡᠨ ᠣᠯᠭᠤᠨ᠎ᠠ᠃ ᠤᠨᠴᠠᠭᠠᠢ ᠪᠠᠶᠢᠳᠠᠯ ᠦᠭᠡᠢ ᠪᠣᠯ ᠣᠯᠭᠤᠬᠤ ᠶᠢ ᠵᠣᠭᠰᠣᠭᠠᠭᠰᠠᠨ ᠬᠤᠭᠤᠴᠠᠭᠠᠨ ᠤ ᠦᠳᠡᠬᠦᠰ ᠤᠨ ᠨᠦᠬᠦᠪᠤᠷᠢ ᠶᠢ ᠨᠥᠬᠦᠵᠦ ᠣᠯᠭᠤᠨ᠎ᠠ᠂ ᠨᠥᠬᠦᠵᠦ ᠣᠯᠭᠤᠬᠤ ᠴᠠᠭ ᠢ 12 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃ ᠦᠳᠡᠬᠦᠰ ᠤᠨ ᠨᠦᠬᠦᠪᠤᠷᠢ ᠶᠢ ᠬᠦᠷᠲᠡᠵᠦ ᠪᠠᠶᠢᠭ᠎ᠠ ᠨᠠᠰᠤᠲᠠᠶᠢᠴᠤᠳ ᠤᠨ ᠡᠷᠥᠭᠡ ᠠᠮᠠ ᠶᠢᠨ ᠲᠠᠩᠰᠠ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠨᠡᠬᠦᠭᠰᠡᠨ ᠪᠣᠯ ᠨᠠᠰᠤᠲᠠᠶᠢᠴᠤᠳ ᠪᠤᠶᠤ ᠲᠡᠭᠦᠨ ᠤ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠭᠴᠢ᠂ ᠠᠰᠠᠷᠠᠨ ᠲᠡᠵᠢᠭᠡᠭᠴᠢ ᠨᠢ ᠰᠠᠨᠠᠭᠠᠴᠢᠯᠠᠭ᠎ᠠ ᠠᠴᠠ ᠪᠠᠨ ᠡᠷᠥᠭᠡ ᠠᠮᠠ ᠶᠢᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠣᠯᠭᠤᠬᠤ ᠶᠢ ᠵᠣᠭᠰᠤᠭᠠᠬᠤ ᠭᠠᠷᠳᠠᠮ ᠭᠦᠢᠴᠡᠳᠬᠡᠨ ᠂ ᠦᠳᠡᠬᠦᠰ ᠤᠨ ᠨᠦᠬᠦᠪᠤᠷᠢ ᠶᠢ ᠨᠢ ᠨᠡᠬᠦᠭᠰᠡᠨ ᠰᠠᠷ᠎ᠠ ᠠᠴᠠ ᠨᠢ ᠣᠯᠭᠤᠬᠤ ᠪᠠ ᠪᠤᠯᠢᠬᠤ ᠬᠡᠷᠡᠭᠲᠡᠢ᠃       ᠦᠳᠡᠬᠦᠰ ᠤᠨ ᠨᠦᠬᠦᠪᠤᠷᠢ ᠮᠥᠩᠭᠦ ᠭᠥᠷᠳᠡᠵᠦ ᠪᠠᠶᠢᠭ᠎ᠠ ᠨᠠᠰᠤᠲᠠᠶᠢᠴᠤᠳ ᠤᠨ ᠡᠷᠦᠬᠡ ᠠᠮᠠ ᠶᠢᠨ ᠲᠠᠩᠰᠠ ᠶᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠤ ᠨᠡᠭᠦᠯᠭᠡᠬᠦ ᠳᠤ ᠭᠦᠷᠪᠡᠯ᠂ ᠨᠡᠭᠦᠯᠭᠡᠵᠦ ᠣᠷᠣᠭᠤᠯᠬᠤ ᠭᠠᠵᠠᠷ ᠪᠣᠯᠣᠨ ᠨᠡᠭᠦᠯᠭᠡᠵᠦ ᠭᠠᠷᠭᠠᠬᠤ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠷᠦᠬᠡ ᠠᠮᠠ ᠶᠢᠨ ᠲᠠᠩᠰᠠ ᠶᠢᠨ ᠮᠡᠳᠡᠭᠡ ᠵᠠᠩᠭᠢ ᠶᠢ ᠦᠨᠳᠦᠰᠦᠯᠡᠨ᠂ ᠦᠳᠡᠬᠦᠰ ᠤᠨ ᠨᠦᠬᠦᠪᠤᠷᠢ ᠶᠢ ᠵᠣᠯᠭᠠᠭᠤᠯᠬᠤ ᠪᠠ ᠦᠷᠭᠦᠯᠵᠢᠯᠡᠨ ᠣᠯᠭᠤᠬᠤ ᠠᠵᠢᠯ ᠢ ᠴᠠᠭ ᠲᠤᠬᠠᠢ ᠳᠤ ᠨᠢ ᠰᠠᠶᠢᠲᠤᠷ ᠬᠢᠵᠦ᠂ ᠪᠤᠷᠤᠭᠤ ᠣᠯᠭᠤᠬᠤ᠂ ᠣᠷᠬᠢᠭᠳᠠᠭᠤᠯᠬᠤ ᠠᠴᠠ ᠵᠠᠶᠢᠯᠠᠰᠬᠢᠬᠦ ᠬᠡᠷᠡᠭᠲᠡᠢ᠃ ᠦᠳᠡᠬᠦᠰ ᠤᠨ ᠨᠦᠬᠦᠪᠤᠷᠢ ᠬᠦᠷᠲᠡᠵᠦ ᠪᠠᠶᠢᠭ᠎ᠠ ᠨᠠᠰᠤᠲᠠᠨ ᠨᠠᠰᠤ ᠨᠦᠭᠴᠢᠪᠡᠯ ᠲᠡᠭᠦᠨ ᠤ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠭᠴᠢ᠂ ᠠᠰᠠᠷᠠᠨ ᠲᠡᠵᠢᠭᠡᠭᠴᠢ ᠨᠢ ᠨᠠᠰᠤᠲᠠᠨ ᠨᠦᠭᠴᠢᠭᠰᠡᠨ ᠤ ᠬᠤᠶᠢᠨᠠᠬᠢ 10 ᠠᠵᠢᠯᠯᠠᠬᠤ ᠡᠳᠦᠷ ᠤᠨ ᠳᠣᠲᠣᠷ᠎ᠠ ᠡᠷᠥᠭᠡ ᠠᠮᠠ ᠶᠢᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠲᠥᠷᠥᠯ ᠰᠠᠳᠤᠨ ᠨᠢ ᠬᠠᠭᠤᠷᠮᠠᠭᠯᠠᠨ ᠠᠪᠤᠭᠰᠠᠨ ᠪᠠᠶᠢᠳᠠᠯ ᠭᠠᠷᠪᠠᠯ ᠴᠢᠬᠤᠯᠠ ᠪᠦᠬᠦᠢ ᠠᠷᠭ᠎ᠠ ᠪᠠᠷᠢᠯ ᠢᠶᠠᠷ ᠬᠠᠮᠢᠶ᠎ᠠ ᠪᠦᠬᠦᠢ ᠪᠡᠯᠡ ᠮᠥᠩᠭᠦ ᠶᠢ ᠨᠡᠬᠡᠵᠦ ᠠᠪᠴᠢᠷᠠᠬᠤ ᠬᠡᠷᠡᠭᠲᠡᠢ᠃       ᠳᠥᠷᠪᠡ᠂ ᠦᠳᠡᠬᠦᠰ ᠤᠨ ᠨᠦᠬᠦᠪᠤᠷᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠤᠬᠠᠢ       ᠦᠳᠡᠬᠦᠰ ᠤᠨ ᠨᠦᠬᠦᠪᠤᠷᠢ ᠶᠢ ᠪᠠᠭᠤᠯᠭᠠᠭᠰᠠᠨ ᠲᠥᠰᠥᠪ ᠤᠨ ᠵᠦᠢᠯ ᠢᠯᠭᠠᠯ ᠪᠣᠯᠣᠨ ᠲᠥᠷᠥᠯ ᠵᠦᠢᠯ ᠤᠨ ᠶᠣᠰᠣᠭᠠᠷ ᠭᠦᠢᠴᠡᠳᠬᠡᠬᠦ ᠬᠡᠷᠡᠭᠲᠡᠢ᠂ ᠳᠤᠮᠳᠠ ᠠᠴᠠ ᠨᠢ ᠲᠠᠰᠤᠳᠠᠨ ᠦᠯᠡᠳᠡᠭᠡᠬᠦ᠂ ᠡᠵᠡᠯᠡᠬᠦ᠂ ᠨᠡᠭᠦᠯᠭᠡᠨ ᠬᠡᠷᠡᠭᠯᠡᠬᠦ ᠪᠤᠶᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠡᠯ᠎ᠡ ᠱᠠᠲᠤᠨ ᠤ ᠡᠳ᠋ ᠤᠨ ᠵᠠᠰᠠᠭ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠣᠳ ᠬᠠᠮᠢᠶ᠎ᠠ ᠪᠦᠬᠦᠢ ᠪᠡᠯᠡ ᠮᠥᠩᠭᠦ ᠶᠢ ᠲᠣᠭᠲᠠᠭᠠᠯ ᠶᠣᠰᠣᠭᠠᠷ ᠴᠢᠩᠭ᠎ᠠ ᠬᠡᠷᠡᠭᠯᠡᠬᠦ ᠬᠡᠷᠡᠭᠲᠡᠢ᠂ ᠦᠳᠡᠬᠦᠰ ᠪᠤᠶᠤ ᠭᠡᠷ ᠪᠦᠯᠢ ᠠᠴᠠ ᠶᠠᠮᠠᠷᠪᠠ ᠬᠠᠮᠢᠶᠠᠷᠤᠯᠲᠠ ᠶᠢᠨ ᠵᠠᠷᠤᠳᠠᠯ ᠬᠤᠷᠢᠶᠠᠵᠤ ᠪᠣᠯᠬᠤ ᠦᠭᠡᠢ᠃ ᠡᠯ᠎ᠡ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠣᠳ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠵᠤ ᠲᠤᠰᠠᠯᠠᠮᠵᠢ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠨ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠢ ᠳᠤ ᠨᠢ ᠣᠯᠵᠤ ᠮᠡᠳᠡᠬᠦ ᠪᠠ ᠵᠠᠯᠠᠷᠠᠭᠤᠯᠬᠤ ᠶᠢᠨ ᠬᠠᠮᠲᠤ ᠪᠡᠯᠡ ᠮᠥᠩᠭᠦ ᠲᠠᠷᠬᠠᠭᠠᠭᠰᠠᠨ ᠪᠠᠶᠢᠳᠠᠯ ᠢ ᠨᠡᠶᠢᠳᠡ ᠳᠤ ᠵᠠᠷᠯᠠᠵᠤ᠂ ᠬᠢᠨᠠᠨ ᠪᠤᠳᠤᠬᠤ᠂ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ