︽ᠭᠤᠴᠢᠨ ᠲᠠᠪᠤᠳᠡᠬᠢ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2025/5/9
      ᠦᠨᠤ ᠵᠢᠯ ᠤᠨ 5 ᠳ᠋ᠤᠭᠠᠷ ᠰᠠᠷ᠎ᠠ ᠶᠢᠨ 18 ᠤ ᠡᠳᠦᠷ ᠪᠣᠯ ᠭᠤᠴᠢᠨ ᠲᠠᠪᠤᠳᠠᠬᠢ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠪᠣᠯᠣᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠵᠡᠮᠳᠡᠭᠴᠦᠳ ᠤᠨ ᠠᠵᠢᠯ ᠤᠨ ᠵᠥᠪᠯᠡᠯ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠵᠡᠷᠭᠡ 16 ᠰᠠᠯᠠᠭ᠎ᠠ ᠮᠥᠴᠢᠷ ᠤᠨ ᠬᠢᠨ ᠤᠷᠴᠢᠮ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ︽ᠥᠪᠡᠷ ᠢ ᠪᠠᠨ ᠬᠦᠴᠦᠷᠬᠡᠭᠵᠢᠭᠦᠯᠬᠦ ᠪᠠ ᠵᠡᠮᠳᠡᠭᠴᠦᠳ ᠢ ᠲᠤᠰᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ︾ ᠪᠠᠷ ᠭᠤᠣᠯ ᠰᠡᠳᠦᠪ ᠪᠣᠯᠭᠠᠨ᠂ ᠦᠨᠡᠨ ᠬᠦ ᠪᠦᠲᠦᠮᠵᠢᠲᠡᠶ ᠠᠷᠭ᠎ᠠ ᠪᠠᠷ ᠵᠡᠮᠳᠡᠭᠴᠦᠳ ᠢ ᠲᠤᠰᠠᠯᠠᠬᠤ ᠡᠳᠦᠷ ᠤᠨ ᠡᠯᠪᠡᠭ ᠪᠠᠶᠠᠯᠢᠭ ᠣᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃       ᠮᠡᠳᠡᠭᠳᠡᠯ ᠳᠤ᠄ ︽2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠮᠥᠨ ᠴᠦ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠲᠥᠯᠥᠪᠵᠢᠭᠦᠯᠦᠨ ᠪᠠᠶᠢᠷᠢᠯᠠᠭᠤᠯᠬᠤ ᠵᠢᠯ ᠮᠥᠨ᠂ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪ ᠤᠨ ᠲᠣᠭᠤᠷᠢᠨ ᠳᠤ ᠰᠢ ᠶᠢᠨ ᠫᠢᠩ ᠶᠡᠷᠦᠩᠬᠡᠢ ᠱᠦᠵᠢ ᠶᠢᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠥᠷᠭᠡᠨ ᠳᠡᠯᠭᠡᠷ ᠤᠬᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠᠷ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠣᠯᠣᠭᠰᠠᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠶᠢ ᠭᠦᠢᠴᠡᠳ ᠢᠯᠡᠷᠡᠭᠦᠯᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠡᠮᠳᠡᠭᠴᠦᠳ ᠢ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠠᠭᠤᠷᠠᠢ ᠶᠢ ᠲᠡᠳᠬᠦᠨ ᠵᠡᠮᠳᠡᠭᠴᠦᠳ ᠢ ᠬᠠᠪᠰᠤᠷᠬᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠵᠡᠮᠳᠡᠭᠴᠦᠳ ᠤᠨ ᠦᠢᠯᠡᠰ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠲᠦᠷᠭᠡᠨᠨ ᠬᠥᠭᠵᠢᠬᠦ ᠶᠢ ᠠᠬᠢᠭᠤᠯᠬᠤ ᠶᠢᠨ ᠲᠥᠯᠥᠭᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠦᠪᠯᠡᠷᠡᠬᠦᠯᠤᠨ ᠴᠢᠷᠮᠠᠶᠢᠬᠤ ᠬᠡᠷᠡᠭᠳᠡᠢ ᠭᠡᠵᠤ ᠱᠠᠭᠠᠷᠳᠠᠯ᠎ᠠ᠃       ᠮᠡᠳᠡᠭᠳᠡᠯ ᠳᠤ᠄ ︽ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ﹀ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︿ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ﹀ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠶᠢᠨ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠣᠯᠠᠨ ᠬᠡᠯᠪᠡᠷᠢ ᠶᠢᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠲᠤ ᠢᠳᠡᠪᠬᠢᠲᠡᠢ ᠪᠠᠷ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ︾ ᠭᠡᠵᠤ ᠴᠢᠬᠤᠯᠠᠴᠢᠯᠠᠬᠰᠠᠨ ᠪᠠᠶᠢᠨ᠎ᠠ᠃       ᠮᠡᠳᠡᠭᠳᠡᠯ ᠳᠤ᠄ ︽ᠡᠯ᠎ᠡ ᠭᠠᠵᠠᠷ ᠤᠨ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ ᠲᠣᠪᠴᠢ ︵2024 — 2035 ᠣᠨ︶︾ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢᠨ ᠪᠠᠲᠤᠯᠠᠭ᠎ᠠ ᠶᠢᠨ ᠠᠷᠭ᠎ᠠ ᠶᠢ ᠴᠢᠩᠭᠠᠷᠠᠭᠤᠯᠤᠨ᠂ ︿ᠠᠷᠪᠠᠨ ᠲᠠᠪᠤᠳᠤᠭᠠᠷ ᠲᠠᠪᠤᠨ ᠵᠢᠯ﹀ ᠤᠨ ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠥᠨᠥᠴᠢᠷᠡᠮᠡᠯ ᠬᠡᠮ ᠲᠠᠢ ᠬᠡᠦᠬᠡᠳ ᠤᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠤᠨ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ᠨᠥᠬᠦᠴᠡᠯ ᠳᠤ ᠨᠡᠶᠢᠴᠡᠭᠰᠡᠨ ᠵᠡᠮᠳᠡᠭᠴᠦᠳ ᠢ ᠨᠡᠶᠢᠭᠡᠮ ᠤᠨ ᠲᠤᠰᠠᠯᠠᠬᠤ ᠬᠡᠪᠴᠢᠶᠡᠨ ᠳᠤ ᠣᠷᠣᠭᠤᠯᠬᠤ ᠶᠢ ᠠᠬᠢᠭᠤᠯᠵᠤ᠂ ᠵᠡᠮᠳᠡᠭᠴᠦᠳ ᠤᠨ ᠬᠤᠶᠠᠷ ᠨᠥᠬᠦᠪᠦᠷᠢ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠤᠯᠠᠮ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠨᠤᠴᠢᠳᠠᠢ ᠵᠡᠮᠳᠡᠭᠴᠦᠳ ᠤᠨ ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠷᠣᠯᠴᠠᠬᠤ ᠶᠢ ᠢᠳᠡᠪᠬᠢᠲᠡᠢ ᠠᠬᠢᠭᠤᠯᠬᠤ ᠬᠡᠷᠡᠭᠳᠡᠢ᠃ ᠡᠯ᠎ᠡ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ︿ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2025 ᠣᠨ — 2027 ᠣᠨ︶﹀ ᠢ ᠪᠠᠶᠢᠷᠢᠯᠠᠭᠤᠯᠤᠨ ᠬᠡᠷᠡᠭᠵᠢᠭᠦᠯᠵᠦ᠂ ︿ᠵᠡᠮᠳᠡᠭᠴᠦᠳ ᠤᠨ ᠠᠵᠢᠯ ᠣᠯᠭᠤᠯᠲᠠ ᠶᠢᠨ ᠤᠬᠠᠭᠤᠯᠭ᠎ᠠ ᠶᠢᠨ ᠰᠠᠷ᠎ᠠ﹀ ᠶᠢᠨ ᠠᠵᠢᠯᠯᠠᠭ᠎ᠠ ᠶᠢ ᠥᠷᠨᠢᠭᠦᠯᠦᠨ᠂ ᠵᠡᠮᠳᠡᠭᠴᠦᠳ ᠤᠨ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠥᠷᠭᠡᠳᠬᠡᠵᠦ᠂ 2025 ᠣᠨ ᠤ ᠳᠡᠭᠡᠳᠦ ᠰᠤᠷᠭᠠᠭᠤᠯᠢ ᠶᠢᠨ ᠵᠡᠮᠳᠡᠭᠴᠦᠳ ᠤᠨ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠦᠢᠯᠡᠴᠢᠯᠡᠭᠡ ᠵᠡᠷᠭᠡ ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠠᠵᠢᠯ ᠣᠯᠬᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠮᠡᠳᠡᠭᠡ ᠬᠤᠯᠪᠣᠭᠠᠨ ᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ ᠶᠢ ᠨᠠᠶᠢᠳᠠᠪᠤᠷᠢᠵᠢᠭᠤᠯᠵᠤ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ᠂ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠵᠡᠮᠳᠡᠭᠴᠦᠳ ᠢ ᠲᠤᠰᠠᠯᠠᠬᠤ ᠬᠦᠷᠢᠶ᠎ᠡ ᠴᠠᠷᠠᠭ᠎ᠠ ᠳᠤ ᠬᠢ ᠵᠣᠬᠢᠶᠠᠮᠠᠯ ᠣᠶᠤᠨ᠂ ᠮᠠᠰᠢᠨ ᠬᠥᠮᠥᠨ ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠂ ᠰᠠᠭᠠᠳ ᠦᠭᠡᠢ ᠵᠠᠮ ᠲᠡᠭᠡᠭᠡᠪᠦᠷᠢ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠰᠠᠭᠠᠳ ᠦᠭᠡᠢ ᠶᠠᠪᠤᠵᠤ ᠰᠠᠭᠤᠬᠤ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠵᠡᠮᠳᠡᠭᠴᠦᠳ ᠤᠨ ᠳᠥᠭᠦᠮ ᠳᠥᠲᠡ ᠪᠠᠷ ᠶᠠᠪᠤᠵᠤ ᠰᠠᠭᠤᠬᠤ ᠶᠢ ᠪᠠᠳᠤᠯᠠᠬᠤ ᠬᠡᠷᠡᠭᠳᠡᠢ︾ ᠭᠡᠵᠤ ᠲᠤᠷᠠᠳᠴᠠᠢ᠃       ᠮᠡᠳᠡᠭᠳᠡᠯ ᠳᠤ᠄ ︽ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ᠵᠡᠮᠳᠡᠭᠷᠡᠬᠦ ᠠᠴᠠ ᠰᠡᠷᠭᠡᠶᠢᠯᠡᠬᠦ ᠪᠠ ᠡᠷᠡᠭᠦᠯᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠵᠤ᠂ ᠥᠨᠥᠴᠢᠷᠡᠮᠡᠯ ᠬᠡᠮ ᠲᠠᠢ ᠬᠡᠦᠬᠡᠳ ᠤᠨ ᠬᠥᠭᠵᠢᠯᠲᠡ ᠶᠢᠨ ᠪᠥᠬᠦ ᠶᠠᠪᠤᠴᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠪᠠ ᠬᠠᠯᠠᠮᠵᠢᠯᠠᠬᠤ ᠦᠢᠯᠡᠴᠢᠯᠡᠭᠡᠨ ᠤ ᠠᠷᠭ᠎ᠠ ᠶᠢ ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠦᠴᠢᠷᠳᠡᠯᠲᠡᠢ ᠵᠡᠮᠳᠡᠭᠴᠦᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ᠲᠣᠭᠲᠠᠭᠠᠯ ᠶᠣᠰᠣᠭᠠᠷ ᠲᠥᠷᠥᠯ ᠬᠤᠪᠢᠶᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠡᠯ᠎ᠡ ᠭᠠᠵᠠᠷ ᠤᠨ ᠬᠥᠳᠡᠭᠡ ᠠᠵᠤ ᠠᠬᠤᠢ ᠬᠥᠳᠡᠭᠡ ᠲᠣᠰᠬᠤᠨ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ᠨᠥᠬᠦᠴᠡᠯ ᠳᠤ ᠨᠡᠶᠢᠴᠡᠬᠦ ᠵᠡᠮᠳᠡᠭᠴᠦᠳ ᠢ ᠲᠠᠬᠢᠨ ᠶᠠᠳᠠᠭᠤᠷᠠᠬᠤ ᠠᠴᠠ ᠰᠡᠷᠬᠡᠶᠢᠯᠡᠬᠦ ᠬᠢᠨᠠᠯᠳᠠ ᠳᠤ ᠪᠠᠶᠢᠭ᠎ᠠ ᠬᠦᠮᠦᠰ ᠢ ᠢᠯᠭᠠᠨ ᠲᠠᠨᠢᠵᠤ᠂ ᠬᠢᠨᠠᠬᠤ ᠪᠠ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠡᠮᠳᠡᠭᠴᠦᠳ ᠲᠤ ᠠᠵᠢᠯ ᠣᠯᠭᠤᠬᠤ᠂ ᠠᠵᠤ ᠦᠢᠯᠡᠰ ᠢᠶᠠᠷ ᠲᠡᠳᠬᠦᠬᠦ ᠡᠷᠴᠢᠮ ᠢ ᠴᠢᠩᠭᠠᠷᠠᠭᠤᠯᠵᠤ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠵᠡᠮᠳᠡᠭᠴᠦᠳ ᠤᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠡᠯ᠎ᠡ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ᠪᠠ ᠬᠡᠷᠡᠭᠵᠢᠭᠦᠯᠬᠦ ᠲᠥᠰᠥᠯ ᠳᠤ ᠣᠷᠣᠭᠤᠯᠬᠤ ᠬᠡᠷᠡᠭᠳᠡᠢ᠃ ᠡᠯ᠎ᠡ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ᠂ ᠬᠥᠭᠵᠢᠭᠦᠯᠦᠯᠲᠡ ᠥᠭᠡᠷᠡᠴᠢᠯᠡᠯᠲᠡ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ﹀ ᠢ ᠨᠠᠶᠢᠳᠠᠪᠤᠷᠢᠵᠢᠭᠤᠯᠵᠤ᠂ ᠵᠡᠮᠳᠡᠭᠴᠦᠳ ᠢ ᠲᠤᠰᠠᠯᠠᠬᠤ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠂ ᠵᠡᠮᠳᠡᠭᠴᠦᠳ ᠤᠨ ᠠᠵᠢᠯ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠠᠵᠢᠯ ᠢ ᠢᠳᠡᠪᠬᠢᠲᠡᠢ ᠴᠢᠩᠭᠠᠳᠬᠠᠵᠤ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠲᠥᠯᠦᠪᠵᠢᠭᠦᠯᠭᠡ ᠶᠢᠨ ᠰᠡᠳᠬᠢᠴᠡ ᠶᠢᠨ ᠰᠤᠳᠤᠯᠭᠠᠨ ᠢ ᠰᠠᠶᠢᠲᠤᠷ ᠬᠢᠵᠦ᠂ ᠵᠡᠮᠳᠡᠭᠴᠦᠳ ᠢ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠡᠯ᠎ᠡ ᠭᠠᠵᠠᠷ ᠤᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠰᠠᠭᠤᠭ᠎ᠠ ᠴᠡᠷᠢᠭ ᠠᠩᠭᠢ ᠶᠢᠨ ᠬᠢᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠤᠯᠠᠨ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠲᠤᠰ ᠬᠦᠷᠢᠶ᠎ᠡ ᠴᠠᠷᠠᠭ᠎ᠠ ᠳᠤ ᠬᠢ ᠪᠦᠬᠦ ᠤᠯᠤᠰ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠥᠷᠨᠢᠭᠦᠯᠵᠦ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠵᠡᠮᠳᠡᠭᠴᠦᠳ ᠢ ᠲᠤᠰᠠᠯᠠᠬᠤ ᠡᠳᠦᠷ ᠤᠨ ᠬᠤᠭᠤᠴᠠᠭᠠᠨ ᠳᠤ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ᠂ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ᠂ ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠬᠤ ᠨᠢᠬᠡᠴᠢ ᠵᠡᠷᠭᠡ ᠶᠢ ᠰᠤᠷᠪᠤᠯᠵᠢᠯᠠᠨ ᠲᠣᠬᠤᠨᠢᠭᠤᠯᠵᠤ᠂ ᠵᠡᠮᠳᠡᠭᠴᠦᠳ ᠤᠨ ᠪᠠᠴᠢᠮᠳᠠᠯ ᠲᠤᠯᠭᠠᠮᠳᠠᠯ᠂ ᠬᠦᠴᠢᠷᠳᠡᠯ ᠵᠤᠪᠠᠨᠢᠯ ᠢ ᠦᠨᠡᠨ ᠬᠦ ᠰᠢᠢᠳᠪᠤᠷᠢᠯᠡᠬᠦ ᠬᠡᠷᠡᠭᠳᠡᠢ︾ ᠬᠡᠵᠡᠢ᠃
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ