ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮᠲᠤ ᠶᠢᠨ ᠠᠵᠤ ᠠᠬᠤᠢ ᠠᠷᠠᠳ ᠲᠤ ᠠᠰᠢᠭ ᠬᠦᠷᠲᠡᠭᠡᠵᠦ ᠪᠣᠢ
ᠨᠡᠶᠢᠲᠡᠯᠡᠭᠰᠡᠨ ᠴᠠᠭ᠄
2025/5/9
      ᠣᠳᠣᠬᠠᠨ ᠳᠤ ᠶᠠᠭ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠪᠠᠶᠢᠨ᠎ᠠ᠂ ᠬᠥᠯᠥᠨ ᠪᠠᠯᠭᠠᠰᠤ ᠶᠢᠨ ᠡᠦ ᠢ ᠭᠠᠴᠠᠭ᠎ᠠ ᠨᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠠᠵᠢᠯᠯᠠᠭᠠᠨ ᠤ ᠵᠢᠯᠣᠭᠤᠳᠣᠯᠭ᠎ᠠ ᠪᠣᠯᠭᠠᠵᠤ᠂ ᠬᠠᠮᠲᠤ ᠶᠢᠨ ᠠᠵᠤ ᠠᠬᠤᠶ ᠶᠢᠨ ᠪᠠᠯᠠ ᠮᠥᠩᠭᠦ ᠪᠠᠷ 32 ᠲᠣᠨ ᠡᠪᠡᠰᠦ ᠪᠣᠷᠳᠤᠭ᠎ᠠ ᠬᠤᠳᠠᠯᠳᠤᠨ ᠠᠪᠴᠤ᠂ ᠭᠠᠴᠠᠭᠠᠨ ᠤ ᠮᠠᠯᠴᠢᠳ ᠲᠤ ᠬᠤᠪᠢᠶᠠᠨ ᠥᠭᠴᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯᠴᠢᠨ ᠲᠦᠮᠡᠨ ᠤ ᠡᠪᠡᠰᠦ ᠪᠣᠷᠳᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠨᠠᠮᠳᠠᠭᠤᠯᠵᠤ᠂ ᠮᠠᠯᠵᠢᠬᠤ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠮᠠᠯᠴᠢᠨ ᠲᠦᠮᠡᠨ ᠳᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠰᠢᠭ ᠲᠤᠰᠠ ᠶᠢ ᠦᠨᠡᠨ ᠬᠦ ᠬᠦᠷᠲᠡᠭᠡᠪᠡ᠃
5.9集体经济.jpg
      ᠲᠤᠬᠠᠶ ᠶᠢᠨ ᠲᠠᠯᠠᠪᠠᠶ ᠳᠤ᠂ ᠠᠵᠢᠯᠲᠠᠳ ᠲᠡᠷᠭᠡ ᠵᠢᠯᠣᠭᠤᠳᠤᠨ ᠡᠷᠦᠬᠡ ᠳᠠᠷᠠᠭᠠᠯᠠᠨ ᠳᠣᠭᠢᠷᠠᠭᠤᠯᠤᠨ ᠬᠦᠷᠭᠡᠵᠦ᠂ ᠡᠪᠡᠰᠦ ᠪᠣᠷᠳᠤᠭ᠎ᠠ ᠶᠢ ᠮᠠᠯᠴᠢᠳ ᠤᠨ ᠪᠣᠷᠳᠣᠭᠠᠨ ᠤ ᠬᠥᠮᠥᠷᠭᠡ ᠳᠤ ᠣᠷᠣᠭᠤᠯᠪᠠ᠃ ᠺᠠᠳ᠋ᠷ ᠣᠯᠠᠨ ᠲᠦᠮᠡᠨ ᠤ ᠬᠠᠮᠵᠢᠯᠴᠠᠬᠤ ᠲᠠᠰᠤᠯᠭ᠎ᠠ ᠨᠢ ᠠᠮᠢ ᠠᠬᠤᠶ ᠪᠠ ᠠᠷᠠᠳ ᠤᠨ ᠠᠮᠢᠳᠤᠷᠠᠯ ᠢ ᠰᠠᠬᠢᠨ ᠬᠠᠮᠠᠭᠠᠯᠠᠬᠤ ᠬᠠᠯᠠᠭᠤᠨ ᠳᠤᠯᠠᠭᠠᠨ ᠰᠠᠭᠤᠷᠢ ᠪᠣᠯᠵᠣ᠂ ᠨᠤᠲᠤᠭ ᠪᠡᠯᠴᠢᠭᠡᠷ ᠢ ᠠᠮᠠᠷᠠᠭᠤᠯᠤᠨ ᠰᠡᠷᠭᠦᠭᠡᠬᠦ ᠳᠤ ᠪᠠᠲᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤᠨ ᠤ ᠡᠤ ᠢ ᠭᠠᠴᠠᠭ᠎ᠠ ᠨᠢ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠣᠶᠢᠷ᠎ᠠ ᠳᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠳᠣᠲᠣᠷ᠎ᠠ ᠠᠴᠠ 10 ᠲᠦᠮᠡᠨ ᠲᠥᠭᠦᠷᠢᠭ ᠬᠤᠪᠢᠶᠠᠷᠢᠯᠠᠨ ᠥᠭᠴᠦ᠂ 32 ᠲᠣᠨ ᠡᠪᠡᠰᠦ ᠪᠣᠷᠳᠤᠭ᠎ᠠ ᠬᠤᠳᠠᠯᠳᠤᠨ ᠠᠪᠴᠤ᠂ 40 ᠡᠷᠦᠬᠡ ᠮᠠᠯᠴᠢᠳ ᠲᠤ ᠣᠨᠣᠪᠴᠢᠲᠠᠶ ᠲᠠᠷᠬᠠᠭᠠᠨ᠂ ᠠᠷᠠᠳ ᠤᠨ ᠠᠮᠢᠳᠤᠷᠠᠯ ᠤᠨ ᠬᠠᠯᠠᠮᠵᠢᠯᠠᠯ ᠢᠶᠠᠷ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠮᠠᠯ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃      ᠲᠠᠷᠠᠭᠠᠴᠢ ᠶᠢᠨ ᠠᠯᠬᠤᠮ ᠳᠤ᠂ ᠬᠥᠯᠥᠨ ᠪᠠᠯᠭᠠᠰᠤ ᠶᠢᠨ ᠡᠦ ᠢ ᠭᠠᠴᠠᠭ᠎ᠠ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠠᠭᠤᠷᠢ ᠶᠢ ᠬᠠᠮᠠᠭᠠᠯᠠᠬᠤ ᠶᠢᠨ ᠬᠠᠮᠲᠤ ᠬᠠᠮᠲᠤ ᠶᠢᠨ ᠠᠵᠤ ᠠᠬᠤᠶ ᠶᠢᠨ ᠬᠤᠷᠠᠮᠳᠤᠭᠤᠯᠤᠯ ᠳᠤ ᠲᠦᠰᠢᠭᠯᠡᠨ᠂ ︽ᠠᠮᠢ ᠠᠬᠤᠶ ᠲᠡᠵᠢᠭᠡᠨ ᠦᠷᠡᠵᠢᠭᠦᠯᠬᠦ ᠤᠨᠴᠠᠯᠢᠬᠳᠤ ᠵᠢᠭᠤᠯᠴᠢᠯᠠᠯ︾ ᠢ ᠠᠭᠤᠰᠤᠯᠴᠠᠭᠤᠯᠬᠤ ᠠᠷᠭ᠎ᠠ ᠵᠠᠮ ᠢ ᠬᠠᠶᠢᠨ ᠰᠦᠪᠡᠭᠴᠢᠯᠡᠵᠦ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠵᠤ᠂ ᠮᠠᠯᠴᠢᠳ ᠤᠨ ᠪᠠᠶᠠᠨ ᠴᠢᠨᠡᠭᠡᠯᠢᠭ᠂ ᠠᠮᠢ ᠠᠬᠤᠶ ᠭᠤᠶᠢᠳᠠ ᠰᠠᠶᠢᠬᠠᠨ ᠰᠢᠨ᠎ᠡ ᠬᠠᠭᠤᠳᠠᠰᠤ ᠶᠢ ᠵᠢᠷᠤᠭᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ