5 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠰᠢᠪᠠᠭᠤ ᠶᠢ ᠬᠠᠢᠷᠠᠯᠠᠬᠤ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ︽ᠳᠡᠯᠡᠬᠡᠢ ᠶᠢᠨ ᠪᠥᠮᠪᠥᠷᠴᠡᠭ ᠢᠶᠠᠨ ᠬᠠᠮᠠᠭᠠᠯᠠᠵᠤ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤᠪᠠᠷ ᠪᠠᠢᠭᠤᠯᠬᠤ︾ | ᠪᠠᠷ ᠭᠤᠣᠯ ᠰᠡᠳᠦᠪ ᠪᠣᠯᠭᠠᠵᠤ᠂ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠠᠵᠢᠯᠯᠠᠭ᠎ᠠ ᠡᠷᠬᠢᠯᠡᠪᠡ᠃ ᠣᠷᠱᠣᠨ ᠪᠠᠭ᠎ᠠ ᠰᠤᠷᠭᠠᠭᠤᠯᠢ᠂ | ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠡᠷ ᠤᠨ ᠠᠬᠠᠮᠠᠳ ᠨᠡᠶᠢᠳᠡ 100 ᠭᠠᠷᠤᠢ ᠬᠥᠮᠦᠨ ᠬᠦᠳᠡᠭᠡ ᠨᠠᠭᠤᠷ ᠴᠡᠴᠡᠷᠯᠢᠭ ᠲᠤ ᠬᠦᠷᠴᠦ᠂ | ᠥᠪᠡᠷᠮᠢᠴᠡ ᠣᠨᠴᠠᠯᠢᠭ ᠲᠠᠢ ᠠᠮᠢ ᠠᠬᠤᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠶᠠᠨ ᠢᠶᠠᠨ ᠡᠬᠢᠯᠡᠭᠦᠯᠪᠡ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠤᠨ ᠭᠡᠰᠢᠭᠦᠨ᠂ ᠬᠤᠰᠢᠭᠤᠨ ᠤ | ᠭᠡᠷᠡᠯ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠱᠤᠸᠠᠩ ᠯᠦᠩ ᠢ ᠲᠤᠰᠬᠠᠶᠢᠯᠠᠨ ᠤᠷᠢᠵᠤ ᠭᠤᠣᠯᠯᠠᠨ ᠶᠠᠷᠢᠭᠤᠯᠪᠠ᠃ ᠱᠤᠸᠠᠩ ᠯᠦᠩ ᠪᠠᠭᠰᠢ ᠣᠯᠠᠨ | ᠵᠢᠯ ᠤᠨ ᠲᠤᠷᠰᠢ ᠬᠤᠷᠠᠮᠳᠤᠭᠤᠯᠤᠭᠰᠠᠨ ᠰᠢᠪᠠᠭᠤᠨ ᠤ ᠲᠥᠷᠥᠯ ᠤᠨ ᠨᠠᠷᠢᠯᠢᠭ ᠰᠠᠶᠢᠬᠠᠨ ᠬᠡᠷᠡᠯ ᠵᠢᠷᠤᠭ ᠤᠨ ᠪᠦᠲᠦᠭᠡᠯ ᠲᠠᠢ ᠤᠶᠠᠯᠳᠤᠭᠤᠯᠤᠨ᠂ ᠨᠡᠭᠦᠳᠡᠯ ᠤᠨ | ᠰᠢᠪᠠᠭᠤ ᠶᠢᠨ ᠨᠡᠭᠦᠳᠡᠯᠯᠡᠬᠦ ᠵᠠᠮ ᠱᠤᠭᠤᠮ᠂ ᠰᠢᠪᠠᠭᠤᠨ ᠤ ᠲᠥᠷᠥᠯ ᠤᠨ ᠣᠷᠣᠰᠢᠨ ᠠᠮᠢᠳᠤᠷᠠᠬᠤ ᠴᠢᠨᠠᠷ᠂ ᠠᠮᠢᠳᠤ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢᠨ | ᠠᠴᠢ ᠬᠤᠯᠪᠣᠭᠳᠠᠯ ᠵᠡᠷᠭᠡ ᠲᠠᠯ᠎ᠠ ᠠᠴᠠ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠥᠷᠨᠢᠭᠦᠯᠪᠡ᠃ ᠨᠢᠭᠡᠨ ᠠᠮᠢᠳᠤᠯᠢᠭ ᠭᠡᠷᠡᠯ ᠵᠢᠷᠤᠭ ᠢᠶᠠᠷ ᠲᠠᠯ᠎ᠠ | ᠨᠤᠲᠤᠭ ᠤᠨ ᠱᠤᠭᠤᠮᠠᠯ᠂ ᠬᠤᠨ ᠭᠠᠯᠠᠭᠤ᠂ ᠬᠠᠷᠬᠢᠷ᠎ᠠ ᠵᠡᠷᠭᠡ ᠬᠤᠪᠣᠷ ᠴᠤᠬᠠᠭ ᠰᠢᠪᠠᠭᠤᠨ ᠤ ᠬᠡᠯᠪᠡᠷᠢ ᠳᠦᠷᠰᠦ ᠶᠢᠨ ᠣᠨᠴᠠᠯᠢᠭ᠂ ᠠᠮᠢᠳᠤᠷᠠᠯ ᠤᠨ ᠵᠠᠩ | ᠠᠭᠠᠯᠢ ᠶᠢᠨ ᠨᠢᠳᠦᠨ ᠡᠮᠦᠨ᠎ᠡ᠂ ᠬᠡᠦᠬᠡᠳ ᠤᠳ ᠪᠠᠶᠢᠨ ᠪᠠᠶᠢᠨ ᠭᠠᠶᠢᠬᠠᠵᠤ᠂ ᠡᠳᠡᠭᠡᠷ ︽ᠳᠡᠯᠡᠬᠡᠢ ᠶᠢᠨ ᠪᠥᠮᠪᠥᠷᠴᠡᠭ ᠤᠨ ᠭᠠᠶᠢᠬᠠᠮᠰᠢᠭᠲᠤ ᠵᠢᠭᠠᠯ︾ ᠤᠳ ᠢ | ᠰᠣᠨᠢᠷᠬᠠᠪᠠ᠃ | | | | ᠣᠨᠣᠯ ᠤᠨ ᠮᠡᠳᠡᠯᠭᠡ ᠪᠠ ᠦᠢᠯᠡᠳᠦᠯᠭᠡ ᠶᠢᠨ ᠠᠵᠢᠭᠯᠠᠯᠲᠠ ᠶᠢ ᠬᠠᠷᠢᠯᠴᠠᠨ ᠤᠶᠠᠯᠳᠤᠭᠤᠯᠬᠤ ᠶᠢᠨ ᠲᠥᠯᠥᠭᠡ᠂ ᠪᠠᠭᠰᠢ ᠲᠤᠰᠬᠠᠶ ᠮᠡᠷᠭᠡᠵᠢᠯ ᠤᠨ ᠭᠡᠷᠡᠯ | ᠵᠢᠷᠤᠭ ᠤᠨ ᠮᠠᠰᠢᠨ᠂ ᠳᠤᠷᠠᠨ ᠵᠡᠷᠭᠡ ᠰᠢᠪᠠᠭᠤ ᠦᠵᠡᠬᠦ ᠲᠥᠬᠦᠭᠡᠷᠦᠮᠵᠢ ᠶᠢ ᠤᠷᠢᠳᠴᠢᠯᠠᠨ ᠪᠡᠯᠡᠳᠬᠡᠪᠡ᠃ ᠪᠠᠭᠰᠢ ᠶᠢᠨ ᠵᠢᠯᠣᠭᠤᠳᠣᠯᠭ᠎ᠠ ᠳᠣᠣᠷ᠎ᠠ᠂ ᠬᠡᠦᠬᠡᠳ ᠤᠳ | ᠳᠤᠭᠤᠶᠢᠯᠠᠩ ᠬᠤᠪᠢᠶᠠᠨ ᠳᠤᠷᠠᠨ ᠪᠣᠰᠬᠠᠵᠤ᠂ ᠨᠠᠭᠤᠷ ᠪᠠ ᠰᠢᠪᠠᠭᠤᠨ ᠤ ᠤᠯᠠ ᠮᠥᠷ ᠢ ᠬᠦᠯᠢᠴᠡᠩᠭᠦᠢ ᠪᠠᠷ ᠠᠵᠢᠭᠯᠠᠨ᠎ᠠ᠃ ᠨᠢᠭᠡ ᠰᠢᠪᠠᠭᠤ ᠤᠰᠤᠨ ᠳᠡᠭᠡᠭᠦᠷ | ᠨᠢᠰᠦᠨ ᠥᠩᠭᠡᠷᠡᠬᠦ ᠶᠢ ᠳᠠᠭᠠᠯᠳᠤᠨ᠂ ᠬᠡᠦᠬᠡᠳ ᠤᠳ ᠪᠠᠶᠠᠷᠲᠠᠢ ᠪᠠᠷ ᠳᠤᠷᠠᠨ ᠢᠶᠠᠷ ᠮᠥᠷᠳᠡᠬᠦ ᠪᠥᠭᠡᠳ ᠭᠡᠷᠡᠯ ᠵᠢᠷᠤᠭ ᠤᠨ ᠮᠠᠰᠢᠨ ᠢᠶᠠᠷ ᠰᠢᠪᠠᠭᠤᠨ ᠤ ᠵᠢᠭᠦᠷ ᠢᠶᠠᠨ | ᠡᠷᠭᠦᠬᠦ᠂ ᠢᠳᠡᠰᠢ ᠡᠷᠢᠬᠦ ᠭᠠᠶᠢᠬᠠᠮᠰᠢᠭᠲᠤ ᠭᠱᠠᠨ ᠵᠠᠭᠤᠷ᠎ᠠ ᠶᠢ ᠲᠡᠮᠳᠡᠭᠯᠡᠨ᠎ᠡ᠃ ᠲᠤᠬᠠᠶ ᠶᠢᠨ ᠲᠠᠯᠠᠪᠠᠶ ᠳᠤ ᠪᠠᠰᠠ ᠰᠢᠪᠠᠭᠤᠨ ᠲᠥᠷᠥᠯ ᠤᠨ ᠮᠡᠳᠡᠯᠭᠡ ᠶᠢᠨ | ᠥᠷᠢᠰᠥᠯᠳᠦᠭᠡᠨ ᠤ ᠭᠤᠭᠴᠤᠭ᠎ᠠ ᠶᠢ ᠲᠣᠬᠢᠷᠠᠭᠤᠯᠵᠤ᠂ ᠬᠡᠦᠬᠡᠳ ᠤᠳ ᠬᠠᠷᠢᠯᠴᠠᠨ ᠭᠠᠷ ᠢᠶᠠᠨ ᠡᠷᠭᠦᠵᠦ᠂ ᠠᠵᠢᠭᠯᠠᠵᠤ ᠣᠶᠢᠯᠠᠭᠠᠬᠤ ᠪᠠ ᠰᠣᠷᠣᠭᠰᠠᠨ | ᠮᠡᠳᠡᠯᠭᠡ ᠲᠠᠢ ᠪᠠᠨ ᠤᠶᠠᠯᠳᠤᠭᠤᠯᠤᠨ ᠢᠳᠡᠪᠬᠢᠲᠡᠶ ᠬᠥᠳᠡᠯᠦᠯᠴᠡᠵᠦ᠂ ᠠᠵᠢᠯᠯᠠᠭᠠᠨ ᠤ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃ | | | | ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠵᠠᠯᠠᠭᠤᠴᠤᠳ ᠪᠠᠭᠠᠴᠤᠳ ᠲᠤ ᠪᠠᠶᠢᠭᠠᠯᠢ ᠲᠠᠢ ᠣᠶᠢᠷᠠᠲᠤᠬᠤ᠂ ᠠᠮᠢ ᠠᠬᠤᠢ ᠶᠢ ᠬᠠᠶᠢᠨ | ᠰᠦᠪᠡᠭᠴᠢᠯᠡᠬᠦ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ᠂ ᠨᠡᠩ ᠴᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠪᠡᠷᠢ ᠪᠠᠷ ᠳᠠᠮᠵᠢᠭᠤᠯᠤᠨ | ᠬᠡᠦᠬᠡᠳ ᠤᠳ ᠤᠨ ᠰᠡᠳᠬᠢᠯ ᠳᠤ ᠠᠮᠢ ᠠᠬᠤᠢ ᠶᠢᠨ ᠪᠣᠯᠪᠠᠰᠤᠨ ᠢ ᠬᠠᠮᠠᠭᠠᠯᠠᠬᠤ ᠦᠷ᠎ᠡ ᠶᠢ ᠲᠠᠷᠢᠪᠠ᠃ ᠳᠠᠷᠠᠭᠠᠴᠢ ᠪᠠᠷ᠂ ᠬᠤᠰᠢᠭᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠩ ᠤᠯᠠᠨ | ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠠᠩᠬᠠᠷᠴᠤ᠂ ᠪᠣᠬᠢᠷᠲᠤᠯ ᠦᠭᠡᠢ ᠭᠡᠷ | ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠨ᠎ᠠ᠃ | | | | |