ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ | ᠬᠢᠭᠡᠳ ᠠᠶᠤᠯᠭᠦᠶ ᠦᠢᠯᠡᠳᠪᠦᠷᠢᠯᠡᠯ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠬᠠᠮᠢᠶ᠎ᠠ ᠪᠦᠬᠦᠢ ᠠᠵᠢᠯᠲᠠᠨ ᠢ ᠳᠠᠭᠠᠭᠤᠯᠤᠨ ᠵᠠᠩᠭᠢᠯᠠᠭ᠎ᠠ ᠶᠢᠨ ᠣᠷᠣᠨ ᠪᠦᠰᠡ ᠳᠤ ᠪᠠᠶᠢᠴᠠᠭᠠᠯᠲᠠ ᠬᠢᠪᠡ᠃ | | | | ᠮᠠᠯ ᠵᠢᠭᠦᠷᠲᠡᠨ ᠤ ᠪᠠᠭᠠᠰᠤᠨ ᠤ ᠪᠣᠬᠢᠷᠲᠤᠯ ᠢ ᠰᠢᠢᠳᠪᠦᠷᠢᠯᠡᠬᠦ ᠪᠣᠯ ᠲᠠᠷᠢᠶᠠᠯᠠᠩ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢᠨ ᠵᠠᠩᠭᠢᠯᠠᠭ᠎ᠠ ᠶᠢᠨ | ᠭᠤᠭᠴᠤᠭ᠎ᠠ ᠮᠥᠨ᠂ ᠬᠡᠷᠪᠡ ᠰᠢᠢᠳᠪᠦᠷᠢᠯᠡᠭᠰᠡᠨ ᠨᠢ ᠵᠣᠬᠢᠰ ᠥᠬᠡᠶ ᠪᠣᠯ ᠬᠥᠷᠥᠰᠥ ᠰᠢᠷᠣᠶ ᠪᠠ ᠤᠰᠤᠨ ᠴᠣᠭᠴᠠ ᠶᠢ ᠪᠣᠬᠢᠷᠲᠤᠭᠤᠯᠬᠤ ᠪᠠᠷ ᠪᠠᠷᠠᠬᠤ ᠥᠬᠡᠶ᠂ | ᠪᠠᠰᠠ ᠪᠠᠺᠲ᠋ᠧᠷᠢ ᠡᠭᠦᠰᠴᠦ᠂ ᠡᠪᠡᠳᠴᠢᠨ ᠡᠮᠭᠡᠭ ᠡᠭᠦᠰᠴᠦ᠂ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠪᠠ ᠮᠠᠯᠴᠢᠨ ᠲᠠᠷᠢᠶᠠᠴᠢᠨ ᠤ | ᠦᠶ᠋ᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠨ᠎ᠡ᠃ ᠲᠣᠰ ᠤᠳᠠᠭᠠᠨ ᠤ ᠪᠠᠶᠢᠴᠠᠭᠠᠯᠲᠠ ᠶᠢᠨ ᠵᠣᠷᠢᠯᠭ᠎ᠠ ᠨᠢ ᠮᠠᠯ ᠵᠢᠭᠦᠷᠲᠡᠨ ᠤ ᠪᠠᠭᠠᠰᠤᠨ ᠤ | ᠪᠣᠬᠢᠷᠲᠤᠯ ᠢ ᠵᠢᠷᠤᠮᠵᠢᠭᠤᠨ᠂ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠨ᠂ ᠠᠮᠢ ᠠᠬᠤᠶ ᠶᠢᠨ | ᠲᠠᠷᠢᠶᠠᠯᠠᠩ ᠮᠠᠯ ᠠᠵᠤ ᠠᠬᠤᠶ ᠶᠢᠨ ᠰᠠᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ | ᠡᠪᠡᠳᠴᠢᠨ ᠢᠶᠠᠷ ᠦᠬᠦᠭᠰᠡᠨ ᠮᠠᠯ ᠤᠨᠤᠭ᠎ᠠ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠢ ᠠᠳᠠᠯᠢᠬᠠᠨ ᠣᠮᠲᠣᠭᠠᠶᠢᠯᠠᠵᠤ ᠪᠣᠯᠬᠤ ᠦᠭᠡᠢ ᠶᠤᠮ᠂ | ᠡᠪᠡᠳᠴᠢᠨ ᠢᠶᠠᠷ ᠦᠬᠦᠭᠰᠡᠨ ᠮᠠᠯ ᠤᠨᠤᠭ᠎ᠠ ᠨᠢ ᠶᠡᠭᠡ ᠬᠡᠮᠵᠢᠶᠡᠨ ᠤ ᠡᠪᠡᠳᠴᠢᠨ ᠡᠭᠦᠰᠭᠡᠭᠴᠢ ᠶᠢ ᠠᠪᠴᠤ ᠶᠠᠪᠤᠪᠠᠯ᠂ ᠳᠤᠷ᠎ᠠ ᠪᠠᠷ ᠢᠶᠠᠨ ᠬᠠᠶᠠᠬᠤ ᠪᠤᠶᠤ | ᠰᠢᠢᠳᠪᠦᠷᠢᠯᠡᠭᠰᠡᠨ ᠨᠢ ᠵᠢᠷᠤᠮᠵᠢᠯ ᠦᠭᠡᠢ ᠪᠣᠯ ᠠᠮᠢᠲᠠᠨ ᠤ ᠬᠢᠵᠢᠭ ᠤᠨ ᠲᠠᠷᠬᠠᠯᠲᠠ ᠶᠢ ᠠᠮᠠᠷᠬᠠᠨ ᠡᠭᠦᠰᠭᠡᠵᠦ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠰᠦᠷᠳᠡᠭᠦᠯᠵᠦ᠂ ᠴᠢᠨᠠᠭᠰᠢᠯᠠᠪᠠᠯ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠳᠤ ᠳᠠᠯᠳᠠ ᠠᠶᠤᠯ ᠲᠦᠭᠰᠢᠭᠦᠷᠢ ᠪᠣᠯᠵᠤ ᠮᠡᠳᠡᠨ᠎ᠡ᠃ | ᠪᠠᠶᠢᠴᠠᠭᠠᠬᠤ ᠶᠠᠪᠤᠴᠠ ᠳᠤ᠂ ᠠᠵᠢᠯᠲᠠᠳ ᠰᠢᠢᠳᠪᠦᠷᠢᠯᠡᠬᠦ ᠶᠠᠪᠤᠴᠠ ᠶᠢ ᠴᠢᠩᠭ᠎ᠠ ᠬᠢᠨᠠᠨ ᠪᠠᠶᠢᠴᠠᠭᠠᠵᠤ᠂ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠶᠢᠵᠢᠭᠦᠯᠦᠨ | ᠰᠢᠢᠳᠪᠦᠷᠢᠯᠡᠬᠦ ᠪᠠᠷᠢᠮᠵᠢᠶ᠎ᠠ ᠶᠢ ᠴᠢᠩᠭ᠎ᠠ ᠵᠢᠷᠤᠮᠯᠠᠨ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠬᠢᠵᠢᠭ ᠡᠪᠡᠳᠴᠢᠨ ᠤ ᠬᠠᠯᠳᠠᠪᠤᠷᠢᠯᠠᠬᠤ ᠵᠠᠮ ᠢ ᠡᠬᠢ ᠡᠭᠦᠰᠦᠯ ᠠᠴᠠ ᠨᠢ | ᠲᠠᠰᠤᠯᠪᠠ᠃ | | | | ᠰᠦᠯᠢᠶᠣᠣ ᠪᠦᠷᠬᠦᠪᠴᠢ ᠶᠢ ᠪᠠᠶᠢᠴᠠᠭᠠᠬᠤ ᠪᠣᠯ ᠪᠠᠰᠠ ᠴᠤ ᠲᠣᠰ ᠤᠳᠠᠭᠠᠨ ᠤ ᠠᠵᠢᠯ ᠤᠨ ᠭᠤᠤᠯᠳᠠᠯᠭ᠎ᠠ ᠲᠠᠢ ᠠᠭᠤᠯᠭ᠎ᠠ ᠪᠣᠯᠤᠨ᠎ᠠ᠃ ᠰᠦᠯᠢᠶᠥᠦ | ᠪᠦᠷᠬᠦᠴᠡ ᠨᠢ ᠲᠠᠷᠢᠶᠠᠯᠠᠩ ᠤᠨ ᠦᠢᠯᠡᠳᠪᠦᠷᠢᠯᠡᠯ ᠤᠨ ᠳᠤᠮᠳᠠ ᠳᠤᠯᠠᠭᠠᠨ ᠢ ᠬᠠᠮᠠᠭᠠᠯᠠᠬᠤ᠂ ᠴᠢᠭᠢᠭ ᠢ ᠬᠠᠮᠠᠭᠠᠯᠠᠬᠤ᠂ ᠡᠪᠡᠰᠦ ᠠᠷᠢᠯᠭᠠᠬᠤ ᠵᠡᠷᠭᠡ ᠦᠢᠯᠡᠳᠦᠯ ᠲᠠᠢ | ᠪᠠᠶᠢᠳᠠᠭ᠂ ᠭᠡᠪᠡᠴᠦ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠡᠷᠪᠡ ᠲᠣᠬᠢᠲᠠᠢ ᠬᠤᠷᠢᠶᠠᠨ ᠠᠪᠴᠤ ᠰᠢᠢᠳᠪᠦᠷᠢᠯᠡᠬᠦ ᠦᠭᠡᠢ ᠪᠣᠯ ᠬᠥᠷᠥᠰᠥ ᠰᠢᠷᠣᠢ ᠶᠢᠨ ᠳᠤᠮᠳᠠ | ᠣᠷᠳᠣ ᠬᠤᠭᠤᠴᠠᠭ᠎ᠠ ᠪᠠᠷ ᠦᠯᠡᠳᠡᠭᠳᠡᠯ ᠲᠠᠢ᠂ ᠬᠥᠷᠥᠰᠥ ᠰᠢᠷᠣᠢ ᠶᠢᠨ ᠪᠦᠲᠦᠴᠡ ᠶᠢ ᠡᠪᠳᠡᠨ᠂ ᠲᠠᠷᠢᠮᠠᠯ ᠤᠨ ᠦᠨᠳᠦᠰᠦ ᠶᠢᠨ ᠰᠢᠰᠲ᠋ᠧᠮ ᠤᠨ ᠥᠰᠥᠯᠲᠡ ᠶᠢ | ᠬᠠᠷᠰᠢᠯᠠᠵᠤ᠂ ᠭᠠᠵᠠᠷ ᠰᠢᠷᠣᠢ ᠶᠢᠨ ᠦᠷᠭᠦᠯᠵᠢᠯᠡᠨ ᠠᠰᠢᠭᠯᠠᠬᠤ ᠶᠢ ᠨᠥᠯᠥᠭᠡᠯᠡᠬᠦ ᠪᠣᠯᠣᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ᠰᠦᠯᠢᠶᠣᠣ ᠪᠦᠷᠬᠦᠪᠴᠢ ᠶᠢ | ᠬᠡᠷᠡᠭᠯᠡᠬᠦ᠂ ᠬᠤᠷᠢᠶᠠᠨ ᠠᠪᠬᠤ ᠨᠤᠷᠮ᠎ᠠ ᠵᠢᠴᠢ ᠬᠤᠷᠢᠶᠠᠨ ᠠᠪᠴᠤ ᠰᠢᠢᠳᠪᠦᠷᠢᠯᠡᠬᠦ ᠠᠷᠭ᠎ᠠ ᠬᠡᠯᠪᠡᠷᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠵᠠᠳᠠᠷᠠᠵᠤ | ᠪᠣᠯᠬᠤ ᠰᠦᠯᠢᠶᠣᠣ ᠪᠦᠷᠬᠦᠪᠴᠢ ᠶᠢ ᠢᠳᠡᠪᠬᠢᠲᠡᠢ ᠳᠡᠯᠭᠡᠷᠡᠭᠦᠯᠵᠦ᠂ ︽ᠰᠦᠯᠢᠶᠥᠦ ᠶᠢᠨ ᠪᠣᠬᠢᠷᠲᠤᠯ︾ ᠢ ᠪᠠᠭᠠᠰᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠪᠠ᠃ | ᠲᠣᠰ ᠤᠳᠠᠭᠠᠨ ᠤ ᠶᠡᠷᠦᠩᠬᠡᠶᠢᠯᠡᠭᠰᠡᠨ ᠴᠢᠨᠠᠷᠲᠠᠶ ᠪᠠᠶᠢᠴᠠᠭᠠᠯᠲᠠ ᠪᠠᠷ ᠳᠡᠮᠵᠢᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠬᠠᠷᠢᠶ᠎ᠠ ᠣᠷᠣᠨ ᠤ ᠪᠠᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠮᠢᠶ᠎ᠠ ᠪᠥᠬᠦᠶ ᠵᠠᠩᠭᠢᠯᠠᠭ᠎ᠠ ᠶᠢᠨ ᠪᠣᠳᠠᠲᠠᠶ ᠪᠠᠶᠢᠳᠠᠯ ᠢ | ᠤᠯᠠᠮ ᠨᠢᠭᠡ ᠠᠯᠬᠤᠮ ᠡᠵᠡᠮᠰᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ | ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ | ᠲᠦᠪᠰᠢᠨ ᠪᠠ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | |