ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠭᠡᠵᠦ ᠰᠤᠷᠲᠠᠯ ᠢᠯᠵᠢᠷᠠᠯ ᠤᠨ ᠨᠡᠶᠢᠲᠡᠴᠢ ᠴᠢᠨᠠᠷ ᠲᠠᠢ ᠦᠨᠳᠦᠰᠦ ᠰᠤᠷᠪᠤᠯᠵᠢ ᠶᠢ ᠠᠷᠢᠯᠭᠠᠰᠤᠭᠠᠢ
ᠨᠡᠶᠢᠲᠡᠯᠡᠭᠰᠡᠨ ᠴᠠᠭ᠄
2025/5/9
      ᠰᠤᠷᠲᠠᠯ ᠢ ᠲᠥᠪ ᠪᠣᠯᠭᠠᠬᠤ᠂ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠢᠷᠠᠯ ᠢ ᠡᠰᠡᠷᠭᠦᠴᠡᠬᠦ ᠡᠨᠡ ᠭᠤᠷᠪᠠ ᠬᠠᠷᠢᠯᠴᠠᠨ ᠨᠥᠬᠦᠴᠡᠯᠳᠦᠵᠦ᠂ ᠠᠯᠢ ᠨᠢ ᠴᠦ ᠳᠤᠲᠠᠭᠳᠠᠵᠤ ᠪᠣᠯᠤᠰᠢ ᠦᠭᠡᠢ ᠶᠤᠮ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠬᠦ ᠶᠢ ᠬᠤᠯᠪᠤᠯᠳᠤᠭᠤᠯᠵᠤ᠂ ︽ᠬᠠᠮᠲᠤ ᠪᠠᠷ ᠪᠠᠶᠢᠴᠠᠭᠠᠬᠤ︾ ᠪᠠᠷ ᠰᠤᠷᠲᠠᠯ ᠵᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠭᠡᠵᠦ᠂ ︽ᠬᠠᠮᠲᠤ ᠪᠠᠷ ᠵᠠᠰᠠᠬᠤ︾ ᠪᠠᠷ ᠰᠤᠷᠲᠠᠯ ᠢᠯᠵᠢᠷᠠᠯ ᠤᠨ ᠨᠡᠶᠢᠲᠡᠴᠢ ᠴᠢᠨᠠᠷ ᠲᠠᠢ ᠦᠨᠳᠦᠰᠦ ᠰᠤᠷᠪᠤᠯᠵᠢ ᠶᠢ ᠠᠷᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠶᠢ ᠬᠦᠲᠦᠯᠦᠨ ᠵᠢᠯᠣᠭᠤᠳᠴᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠡᠷᠡᠰ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠨᠡᠩ ᠭᠦᠨ ᠬᠠᠳᠠᠩᠰᠢᠭᠤᠯᠵᠤ᠂ ᠨᠠᠮ ᠢ ᠡᠭᠦᠷᠢᠳᠡ ᠡᠷᠡᠭᠦᠯ ᠪᠥᠭᠡᠳ ᠠᠮᠢᠵᠢᠷᠠᠯ ᠤᠨ ᠬᠦᠴᠦᠨ ᠲᠠᠢ ᠪᠠᠶᠢᠯᠭᠠᠬᠤ ᠬᠡᠷᠡᠭᠲᠡᠢ᠃       ᠰᠤᠷᠲᠠᠯ ᠢᠯᠵᠢᠷᠡᠯ ᠤᠨ ᠠᠰᠠᠭᠤᠳᠠᠯ ᠨᠢ ᠬᠠᠷᠢᠯᠴᠠᠨ ᠥᠩᠭᠡᠨ ᠲᠠᠯ᠎ᠠ ᠪᠠ ᠦᠨᠳᠦᠰᠦ ᠰᠤᠷᠪᠤᠯᠵᠢ ᠪᠤᠯᠵᠤ᠂ ᠡᠬᠢ ᠡᠭᠦᠰᠦᠯ ᠨᠢᠭᠡᠲᠡᠶ ᠪᠠᠶᠢᠳᠠᠭ᠃ ᠲᠥᠪ ᠪᠤᠰᠤ ᠰᠤᠷᠲᠠᠯ ᠪᠣᠯ ᠢᠯᠵᠢᠷᠠᠯ ᠢ ᠡᠭᠦᠰᠭᠡᠬᠦ ᠥᠯᠥᠭᠡᠶ ᠮᠥᠨ᠂ ᠢᠯᠵᠢᠷᠠᠯ ᠨᠢ ᠢᠮᠠᠭᠲᠠ ᠰᠤᠷᠲᠠᠯ ᠠᠯᠳᠠᠬᠳᠠᠬᠤ ᠠᠴᠠ ᠡᠬᠢᠯᠡᠳᠡᠭ᠃ ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠨᠢ ᠴᠥᠭᠡᠨ ᠪᠤᠰᠤ ᠨᠠᠮ ᠤᠨ ᠭᠡᠰᠢᠭᠦᠨ ᠺᠠᠳ᠋ᠷ ︽ᠬᠤᠭᠤᠯᠠ ᠢᠳᠡᠬᠦ︾᠂ ︽ᠠᠷᠢᠬᠢ ᠤᠤᠭᠤᠬᠤ︾᠂ ︽ᠺᠠᠷᠲ ᠬᠤᠷᠢᠶᠠᠬᠤ︾ ᠵᠡᠷᠭᠡ ᠠᠴᠠ ᠡᠬᠢᠯᠡᠨ ᠠᠭᠠᠵᠢᠮ ᠢᠶᠠᠷ ᠢᠯᠵᠢᠷᠠᠯ ᠤᠨ ᠭᠦᠨ ᠬᠥᠪ ᠲᠤ ᠤᠨᠠᠭᠰᠠᠨ ᠪᠠᠶᠢᠨ᠎ᠠ ᠭᠡᠳᠡᠭ ᠢ ᠰᠡᠷᠡᠮᠵᠢᠯᠡᠭᠦᠯᠪᠡ᠃ ᠭᠠᠵᠢᠭᠤ ᠰᠤᠷᠲᠠᠯ ᠮᠠᠭᠤ ᠰᠤᠷᠲᠠᠯ ᠨᠢ ᠢᠯᠵᠢᠷᠠᠯ ᠢ ᠤᠯᠠᠮ ᠬᠡᠴᠡᠭᠦᠳᠡᠭᠦᠯᠵᠦ᠂ ᠴᠢᠨᠠᠭᠰᠢᠯᠠᠪᠠᠯ ᠨᠢᠭᠡ ᠭᠠᠵᠠᠷ ᠣᠷᠣᠨ ᠨᠢᠭᠡ ᠤᠷᠤᠨ ᠪᠦᠰᠡ ᠶᠢᠨ ᠬᠡᠪ ᠰᠤᠷᠲᠠᠯ ᠢ ᠮᠠᠭᠤᠳᠠᠭᠤᠯᠵᠤ᠂ ᠮᠠᠭᠤ ᠣᠷᠴᠢᠯ ᠢ ᠪᠤᠢ ᠪᠣᠯᠭᠠᠳᠠᠭ᠃ ᠰᠤᠷᠲᠠᠯ ᠢ ᠲᠥᠪ ᠪᠣᠯᠭᠠᠬᠤ ᠭᠡᠳᠡᠭ ᠪᠣᠯ ᠳᠠᠷᠤᠶ ︽ᠡᠷᠲᠡ ᠠᠴᠠ ᠨᠢ ᠠᠳᠬᠤᠵᠤ ᠪᠠᠭ᠎ᠠ ᠠᠴᠠ ᠨᠢ ᠠᠳᠬᠤᠬᠤ︾ ᠰᠣᠨᠣᠷ ᠰᠡᠷᠡᠮᠵᠢ ᠪᠠᠷ ᠪᠠᠭ᠎ᠠ ᠳᠡᠭᠡᠷ᠎ᠡ ᠨᠢ ᠰᠡᠷᠭᠡᠶᠢᠯᠡᠵᠦ᠂ ᠮᠠᠭᠤ ᠰᠤᠷᠲᠠᠯ ᠤᠨ ᠬᠥᠷᠥᠰᠥ ᠰᠢᠷᠣᠶ᠂ ᠵᠠᠮ ᠰᠤᠪᠠᠭ᠂ ᠵᠠᠬ᠎ᠠ ᠳᠡᠯᠭᠡᠭᠦᠷ ᠢ ᠠᠯᠳᠠᠭᠤᠯᠬᠤ ᠶᠠᠪᠤᠳᠠᠯ ᠪᠣᠯᠤᠨ᠎ᠠ᠃       ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠴᠡᠭᠡᠷᠯᠡᠯ︾ ᠮᠥᠨ᠂ ᠰᠤᠷᠲᠠᠯ ᠢᠯᠵᠢᠷᠠᠯ ᠤᠨ ᠠᠰᠠᠭᠤᠳᠠᠯ ᠢ ᠬᠤᠷᠢᠭᠯᠠᠬᠤ ᠶᠢᠨ ︽ᠰᠡᠷᠭᠡᠶᠢᠯᠡᠯᠲᠡ ᠶᠢᠨ ᠬᠡᠷᠡᠮ︾ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠨᠢ ᠭᠠᠵᠢᠭᠤ ᠰᠤᠷᠲᠠᠯ ᠮᠠᠭᠤ ᠰᠤᠷᠲᠠᠯ ᠢ ᠮᠠᠯᠲᠠᠵᠤ᠂ ᠢᠯᠵᠢᠷᠠᠯ ᠤᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠪᠠᠶᠢᠭ᠎ᠠ ᠶᠤᠮ᠃ ᠨᠠᠮ ᠤᠨ ᠭᠡᠰᠢᠭᠦᠨ ᠺᠠᠳ᠋ᠷ ᠬᠤᠪᠢ ᠬᠥᠮᠦᠨ ᠭᠡᠰᠡᠨ ᠦᠭᠡᠢ᠂ ᠪᠠᠶᠢᠭᠤᠯᠭ᠎ᠠ ᠨᠢᠭᠡᠴᠢ ᠬᠠᠮᠲᠤ ᠨᠡᠶᠢᠲᠡ ᠭᠡᠰᠡᠨ ᠦᠭᠡᠢ᠂ ᠰᠠᠬᠢᠯᠭ᠎ᠠ ᠪᠠᠲᠤ ᠶᠢᠨ ᠤᠬᠠᠮᠰᠠᠷ ᠴᠢᠩᠭ᠎ᠠ ᠪᠢᠰᠢ ᠪᠣᠯ ᠭᠤᠷᠢᠳᠠᠬᠤ ᠪᠤᠳᠤᠯ ᠣᠷᠣᠰᠢᠵᠤ᠂ ᠰᠤᠷᠲᠠᠯ ᠢᠯᠵᠢᠷᠠᠯ ᠤᠨ ᠠᠰᠠᠭᠤᠳᠠᠯ ᠲᠣᠯᠣᠭᠠᠢ ᠥᠨᠳᠡᠶᠢᠬᠦ ᠪᠣᠯᠤᠨ᠎ᠠ᠃ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤ ᠰᠤᠷᠤᠯᠴᠠᠭᠠᠳ ᠦᠡᠭᠭᠡᠷᠡᠬᠡᠬᠦ᠂ ᠰᠤᠨᠤᠰᠤᠭᠠᠳ ᠪᠤᠯᠭᠠᠬᠤ᠂ ᠦᠵᠡᠭᠡᠳ ᠭᠠᠷᠬᠤ ᠪᠠᠷ ᠵᠣᠭᠰᠣᠩᠭᠤᠶᠢᠷᠠᠵᠤ ᠪᠣᠯᠬᠤ ᠦᠭᠡᠢ᠂ ᠡᠷᠬᠡᠪᠰᠢ ᠤᠯᠠᠭᠠᠨ ᠱᠤᠭᠤᠮ ᠢ ᠲᠣᠳᠣᠷᠬᠠᠢ ᠪᠣᠯᠭᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ ᠢ ᠰᠠᠬᠢᠬᠤ ᠪᠣᠯᠭᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠬᠤᠷᠴᠠ ᠰᠡᠯᠡᠮ᠎ᠡ ᠪᠠᠷ ︽ᠰᠤᠷᠲᠠᠯ ᠠᠴᠠ ᠢᠯᠵᠢᠷᠠᠯ ᠪᠤᠯᠬᠤ︾ ᠳᠠᠮᠵᠢᠭᠤᠯᠭ᠎ᠠ ᠶᠢᠨ ᠬᠡᠯᠬᠢᠶ᠎ᠡ ᠶᠢ ᠲᠠᠰᠤᠯᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃       ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ᠂ ᠰᠤᠷᠲᠠᠯ᠂ ᠰᠠᠬᠢᠯᠭ᠎ᠠ ᠪᠠᠲᠤ᠂ ᠢᠯᠵᠢᠷᠠᠯ ᠤᠨ ᠠᠰᠠᠭᠤᠳᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽ᠰᠤᠷᠲᠠᠯ ᠠᠴᠠ ᠢᠯᠵᠢᠷᠠᠯ ᠪᠤᠯᠬᠤ︾ ᠳᠤ ᠨᠢᠭᠡ ᠤᠳᠠᠭᠠᠨ ᠤ ᠰᠤᠷᠲᠠᠯ ᠤᠨ ᠶᠡᠭᠡ ᠰᠢᠯᠭᠠᠯᠲᠠ ᠬᠢᠵᠦ᠂ ᠮᠥᠨ ᠬᠦ ᠰᠠᠨᠠᠭ᠎ᠠ ᠪᠠᠨ ᠬᠤᠷᠢᠶᠠᠬᠤ ᠦᠭᠡᠶ᠂ ᠭᠠᠷ ᠢᠶᠠᠨ ᠲᠠᠲᠠᠬᠤ ᠦᠭᠡᠶ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤᠮᠳᠠ ᠠᠴᠠ ᠠᠰᠢᠭ ᠲᠤᠰᠠ ᠶᠢᠨ ᠬᠡᠯᠬᠢᠶ᠎ᠡ ᠶᠢ ᠭᠦᠨᠵᠡᠭᠡᠶ ᠠᠭᠤᠳᠠᠯᠵᠤ᠂ ᠢᠯᠵᠢᠷᠠᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ︔ ᠪᠠᠰᠠ ︽ᠢᠯᠵᠢᠷᠠᠯ ᠢ ᠡᠰᠡᠷᠬᠦᠴᠡᠬᠦ ᠪᠠᠷ ᠰᠤᠷᠲᠠᠯ ᠢ ᠵᠠᠯᠠᠷᠠᠭᠤᠯᠵᠤ︾᠂ ᠢᠯᠵᠢᠷᠠᠯ ᠪᠠᠶᠢᠪᠠᠯ ᠵᠠᠪᠠᠯ ᠡᠰᠡᠷᠭᠦᠴᠡᠬᠦ᠂ ᠱᠠᠮᠰᠢᠯ ᠪᠠᠶᠢᠪᠠᠯ ᠵᠠᠪᠠᠯ ᠠᠷᠢᠯᠭᠠᠬᠤ ᠶᠢ ᠪᠠᠷᠢᠮᠲᠠᠯᠠᠵᠤ᠂ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠭᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ︽ᠪᠠᠷᠰ︾᠂ ︽ᠢᠯᠠᠭ᠎ᠠ︾ ᠢᠢ ᠬᠠᠮᠲᠤ ᠳᠤᠨᠢ ᠴᠣᠬᠢᠵᠤ᠂ ᠢᠯᠵᠢᠷᠠᠯ ᠤᠨ ᠦᠵᠡᠭᠳᠡᠯ ᠳᠤ ᠦᠷᠭᠦᠯᠵᠢᠯᠡᠨ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠦᠴᠦᠲᠡᠢ ᠰᠦᠷᠳᠡᠭᠦᠯᠦᠯ ᠢ ᠪᠤᠢ ᠪᠣᠯᠭᠠᠬᠤ ᠬᠡᠷᠡᠭᠲᠡᠢ᠃       ᠰᠤᠷᠲᠠᠯ ᠢ ᠴᠡᠭᠴᠡᠯᠡᠨ ︽ᠬᠠᠰᠢᠯᠭ᠎ᠠ ᠪᠤᠰᠬᠠᠵᠤ︾᠂ ᠰᠢᠯᠢᠳᠡᠭ ᠰᠤᠷᠲᠠᠯ ᠢᠶᠠᠷ ᠬᠥᠲᠥᠯᠥᠨ ᠳᠠᠭᠠᠭᠤᠯᠬᠤ ᠬᠡᠷᠡᠭᠲᠡᠶ︔ ᠰᠠᠬᠢᠯᠭ᠎ᠠ ᠪᠠᠲᠤ ᠶᠢ ᠴᠢᠩᠳᠠᠯᠠᠨ ︽ᠬᠠᠰᠢᠯᠭ᠎ᠠ ᠶᠢ ᠪᠠᠬᠢᠯᠡᠵᠦ︾᠂ ᠴᠢᠩᠭ᠎ᠠ ᠲᠤᠳᠤᠷᠬᠠᠢ ᠰᠠᠬᠢᠯᠭ᠎ᠠ ᠪᠠᠲᠤ ᠪᠠᠷ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ︔ ᠢᠯᠵᠢᠷᠡᠯ ᠢ ᠡᠰᠡᠷᠭᠦᠴᠡᠬᠦ ︽ᠦᠯᠡᠳᠡᠭᠳᠡᠯ︾ ᠢ ᠠᠷᠢᠯᠭᠠᠵᠤ᠂ ᠢᠯᠵᠢᠷᠡᠯ ᠢ ᠡᠰᠡᠷᠭᠦᠴᠡᠵᠦ ᠮᠠᠭᠤ ᠮᠠᠭᠤᠬᠠᠢ ᠶᠢ ᠰᠢᠢᠳᠭᠡᠬᠦ ᠪᠠᠷ ᠬᠠᠷᠰᠢ ᠰᠠᠭᠠᠳ ᠢ ᠠᠷᠢᠯᠭᠠᠬᠤ ᠬᠡᠷᠡᠭᠲᠡᠢ ᠁ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠦᠬᠦᠯᠢ ᠴᠣᠭᠴᠠ ᠶᠢᠨ ᠰᠡᠳᠭᠢᠬᠦᠢ ᠶᠢ ᠪᠤᠢ ᠪᠣᠯᠭᠠᠵᠤ᠂ ᠰᠢᠰᠲᠤᠮ ᠤᠨ ᠦᠵᠡᠯᠲᠡ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠭᠠᠵᠢᠭᠤ ᠰᠤᠷᠲᠠᠯ ᠮᠠᠭᠤ ᠰᠤᠷᠲᠠᠯ ᠢ ᠠᠷᠢᠯᠭᠠᠵᠤ᠂ ᠰᠤᠷᠲᠠᠯ ᠢᠯᠵᠢᠷᠡᠯ ᠤᠨ ᠠᠰᠠᠭᠤᠳᠠᠯ ᠢ ᠳᠠᠯᠳᠠᠯᠠᠬᠤ ᠭᠠᠵᠠᠷ ᠦᠭᠡᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠬᠠᠮᠠᠭᠠᠯᠠᠬᠤ ᠬᠡᠷᠡᠭᠲᠡᠢ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠬᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ