ᠽᠤᠤ ᠳᠤ ᠳᠡᠪᠲᠦᠭᠡᠭᠰᠡᠨ ᠰᠠᠷᠢᠮᠰᠠᠭ ᠢ ᠵᠤᠬᠢᠬᠤ ᠬᠡᠮᠵᠢᠶ᠎ᠡ ᠪᠠᠷ ᠢᠳᠡᠪᠡᠯ ᠬᠦᠮᠦᠨ ᠤ ᠪᠡᠶ᠎ᠡ ᠳᠤ ᠰᠠᠶᠢᠨ ᠪᠠᠶᠢᠳᠠᠭ᠂ ᠭᠡᠪᠡᠴᠦ ᠵᠤᠬᠢᠰ ᠦᠭᠡᠢ ᠳᠡᠪᠲᠦᠭᠡᠬᠦ ᠪᠤᠶᠤ | ᠢᠳᠡᠬᠦ ᠨᠢ ᠬᠦᠮᠦᠨ ᠤ ᠪᠡᠶ᠎ᠡ ᠳᠤ ᠬᠤᠤᠷ ᠲᠠᠢ ᠶᠤᠮ᠃ | ᠽᠤᠤ ᠳᠤ ᠳᠡᠪᠲᠦᠭᠡᠭᠰᠡᠨ ᠰᠠᠷᠢᠮᠰᠠᠭ ᠤᠨ ᠠᠰᠢᠭ ᠲᠠᠢ ᠲᠠᠯ᠎ᠠ᠄ | ᠽᠤᠤ ᠳᠤ ᠳᠡᠪᠲᠦᠭᠡᠭᠰᠡᠨ ᠰᠠᠷᠢᠮᠰᠠᠭ ᠵᠤᠬᠢᠬᠤ ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ ᠰᠠᠷᠢᠮᠰᠠᠭ ᠤᠨ ᠲᠤᠰ ᠪᠡᠶ᠎ᠡ ᠨᠢ ᠮᠠᠰᠢ ᠰᠠᠶᠢᠨ | ᠠᠷᠢᠭᠤᠳᠬᠠᠬᠤ ᠬᠤᠤᠷ ᠭᠠᠳᠠᠭᠰᠢᠯᠠᠭᠤᠯᠬᠤ ᠴᠢᠳᠠᠯ ᠲᠠᠢ ᠶᠤᠮ᠂ ᠦᠷᠬᠦᠯᠵᠢ ᠰᠠᠷᠢᠮᠰᠠᠭ ᠢᠳᠡᠪᠡᠯ ᠴᠢᠰᠦᠨ ᠰᠤᠲᠠᠯ ᠢ ᠳᠡᠯᠡᠨ᠂ ᠪᠡᠶ᠎ᠡ ᠮᠠᠬᠠᠪᠤᠳ ᠤᠨ | ᠳᠤᠳᠤᠭᠠᠳᠤ ᠳᠤ ᠪᠠᠶᠢᠭ᠎ᠠ ᠬᠠᠶᠠᠭᠳᠠᠮᠠᠯ ᠪᠤᠳᠠᠰ ᠢ ᠭᠠᠳᠠᠭᠰᠢᠯᠠᠭᠤᠯᠳᠠᠭ᠂ ᠡᠨᠡ ᠨᠢ ᠴᠢᠰᠦᠨ ᠳᠤ ᠪᠠᠶᠢᠭ᠎ᠠ ᠬᠤᠤᠷᠲᠤ ᠡᠳ᠋ ᠢ ᠵᠤᠬᠢᠰᠲᠠᠢ ᠪᠠᠭᠠᠰᠬᠠᠵᠤ᠂ ᠴᠢᠰᠦᠨ | ᠳᠠᠷᠤᠯᠲᠠ ᠶᠢ ᠪᠠᠭᠤᠷᠠᠭᠤᠯᠬᠤ ᠦᠷ᠎ᠡ ᠠᠰᠢᠭ ᠲᠠᠢ ᠪᠤᠯᠭᠠᠳᠠᠭ᠃ ᠽᠤᠤ ᠴᠢᠰᠤᠨ ᠰᠤᠳᠠᠯ ᠢ ᠵᠦᠭᠡᠯᠡᠷᠡᠭᠦᠯᠦᠨ᠎ᠡ᠂ ᠬᠡᠷᠪᠡ ᠼᠣ᠋ ᠳᠤ ᠳᠡᠪᠲᠦᠭᠡᠭᠰᠡᠨᠨ ᠰᠠᠷᠢᠮᠰᠠᠭ ᠢ | ᠦᠷᠬᠦᠯᠵᠢ ᠢᠳᠡᠭᠰᠡᠨ ᠤ ᠰᠡᠭᠦᠯᠡᠷ ᠴᠢᠰᠤᠨ ᠰᠤᠳᠠᠯ ᠢ ᠳᠡᠯᠡᠬᠦ ᠪᠠᠷ ᠪᠠᠷᠠᠬᠤ ᠦᠭᠡᠢ᠂ ᠪᠠᠰᠠ ᠴᠢᠰᠤᠨ ᠰᠤᠳᠠᠯ ᠤᠨ ᠤᠶᠠᠨ ᠴᠢᠨᠠᠷ ᠢ ᠳᠡᠭᠡᠭᠰᠢᠯᠡᠭᠦᠯᠵᠦ᠂ ᠴᠢᠰᠤᠨ | ᠳᠠᠷᠤᠯᠲᠠ ᠦᠨᠳᠦᠷ ᠪᠢᠰᠢ ᠪᠠᠶᠢᠳᠠᠯ ᠳᠤ ᠴᠢᠰᠤᠨ ᠳᠠᠷᠤᠯᠲᠠ ᠶᠢ ᠪᠠᠭᠤᠷᠠᠭᠤᠯᠬᠤ ᠳᠤ ᠲᠤᠰᠠᠯᠠᠳᠠᠭ᠃ ᠲᠠᠭᠰᠢᠭᠤᠷ ᠢ ᠰᠡᠷᠭᠡᠶᠢᠯᠡᠨ᠂ ᠬᠠᠮᠠᠷ ᠤᠨ ᠦᠷᠪᠢᠰᠦᠯ ᠢ | ᠵᠠᠰᠠᠵᠤ᠂ ᠪᠡᠶ᠎ᠡ ᠴᠢᠬᠢᠷᠠᠭᠵᠢᠭᠤᠯᠬᠤ ᠦᠢᠯᠡᠳᠦᠯ ᠲᠠᠢ᠃ ᠬᠤᠭᠤᠯᠠᠢ ᠡᠪᠡᠳᠬᠦ ᠶᠢ ᠵᠠᠰᠠᠵᠤ᠂ ᠨᠦᠢᠷ ᠢ ᠰᠠᠶᠢᠵᠢᠷᠠᠭᠤᠯᠤᠨ᠎ᠠ᠃ ᠰᠢᠩᠭᠡᠭᠡᠯᠲᠡ ᠶᠢ ᠰᠠᠶᠢᠵᠢᠷᠠᠭᠤᠯᠤᠨ᠎ᠠ᠃ | ᠶᠠᠳᠠᠷᠠᠯ ᠢ ᠲᠠᠶᠢᠯᠤᠨ᠂ ᠦᠲᠡᠯᠬᠦ ᠶᠢ ᠤᠳᠠᠭᠠᠰᠢᠷᠠᠭᠤᠯᠤᠨ᠎ᠠ᠃ ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ᠃ ᠴᠢᠰᠤᠨ ᠤ ᠦᠭᠡᠬᠦ ᠶᠢ | ᠪᠠᠭᠤᠷᠠᠭᠤᠯᠵᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠳᠡᠭ᠃ ᠪᠠᠺᠳ᠋ᠷᠢ ᠶᠢ ᠤᠰᠠᠳᠬᠠᠨᠨ᠂ ᠦᠷᠪᠢᠰᠤᠯ ᠢ ᠳᠠᠷᠤᠵᠤ᠂ ᠡᠪᠡᠳᠴᠢᠨ ᠬᠠᠯᠳᠠᠪᠤᠷᠢᠯᠠᠬᠤ ᠶᠢ | ᠰᠡᠷᠭᠡᠶᠢᠯᠡᠨ᠎ᠡ᠃ ᠰᠦᠰᠦᠨ ᠤ ᠴᠢᠯᠠᠭᠤᠯᠢᠭ ᠠᠯᠺᠦᠯ ᠢ ᠪᠠᠭᠤᠷᠠᠭᠤᠯᠤᠨ᠎ᠠ᠃ ᠦᠮᠠᠨ ᠢ ᠰᠡᠷᠭᠡᠶᠢᠯᠡᠳᠡᠭ᠃ | ᠽᠤᠤ ᠳᠤ ᠳᠡᠪᠲᠦᠭᠡᠭᠰᠡᠨ ᠰᠠᠷᠢᠮᠰᠠᠭ ᠤᠨ ᠠᠰᠢᠭ ᠦᠭᠡᠢ ᠲᠠᠯ᠎ᠠ᠄ | ᠬᠦᠮᠦᠰ ᠽᠤᠤ ᠳᠤ ᠰᠠᠷᠢᠮᠰᠠᠭ ᠳᠡᠪᠲᠦᠭᠡᠬᠦ ᠳᠤ ᠪᠠᠨ ᠳᠠᠪᠤᠰᠤ ᠠᠷᠪᠢᠨ ᠬᠢᠳᠡᠭ᠂ ᠲᠡᠷᠡᠴᠢᠯᠡᠨ ᠽᠤᠤ ᠳᠤ ᠳᠡᠪᠲᠦᠭᠡᠭᠰᠡᠨ ᠰᠠᠷᠢᠮᠰᠠᠭ ᠢᠶᠠᠨ ᠳᠠᠪᠤᠰᠤᠯᠠᠭᠰᠠᠨ | ᠨᠤᠭᠤᠭ᠎ᠠ ᠪᠠᠷ ᠡᠳᠦᠷ ᠪᠦᠷᠢ ᠮᠠᠰᠢ ᠠᠷᠪᠢᠨ ᠢᠳᠡᠳᠡᠭ᠃ ᠢᠩᠭᠢᠵᠦ ᠢᠳᠡᠬᠦ ᠨᠢ ᠰᠢᠨᠵᠢᠯᠡᠬᠦ ᠤᠬᠠᠭᠠᠨᠴᠢ ᠪᠢᠰᠢ ᠪᠠᠶᠢᠵᠤ᠂ ᠪᠡᠶ᠎ᠡ ᠮᠠᠬᠠᠪᠤᠳ ᠢ ᠭᠡᠮᠲᠦᠭᠡᠵᠦ ᠮᠡᠳᠡᠨ᠎ᠡ᠃ | ᠰᠠᠷᠢᠮᠰᠠᠭ ᠪᠤᠯ ᠭᠤᠰᠢᠭᠤᠨ ᠴᠢᠨᠠᠷ ᠲᠠᠢ ᠢᠳᠡᠭᠡᠨ ᠶᠤᠮ᠂ ᠬᠡᠲᠦᠷᠬᠡᠢ ᠠᠷᠪᠢᠨ ᠢᠳᠡᠬᠦ ᠨᠢ ᠬᠤᠳᠤᠭᠤᠳᠤ ᠶᠢ ᠡᠪ ᠦᠭᠡᠢ ᠪᠠᠶᠢᠳᠠᠯ ᠳᠤ ᠤᠷᠤᠭᠤᠯᠳᠠᠭ᠃ | ᠦᠯᠦᠨ ᠢᠶᠠᠷ ᠠᠷᠪᠢᠨ ᠢᠳᠡᠪᠡᠯ ᠨᠢᠳᠦᠨ ᠳᠤ ᠰᠡᠳᠦᠯᠲᠡ ᠦᠭᠬᠦ ᠪᠠᠷ ᠪᠠᠷᠠᠬᠤ ᠦᠭᠡᠢ ᠸᠢᠲ᠋ᠠᠮᠢᠨ b ᠶᠢᠨ ᠰᠢᠩᠭᠡᠭᠡᠯᠲᠡ ᠶᠢ ᠨᠦᠯᠦᠭᠡᠯᠡᠳᠡᠭ᠃ | ᠠᠩᠬᠠᠷᠤᠭᠤᠰᠢᠲᠠᠢ ᠵᠦᠢᠯ᠄ | 1. ᠴᠢᠰᠤᠨ ᠳᠠᠷᠤᠯᠲᠠ ᠦᠨᠳᠦᠷ ᠡᠪᠡᠳᠴᠢᠲᠡᠨ ᠳᠤ ᠲᠤᠰᠠᠯᠠᠬᠤ ᠦᠢᠯᠡᠳᠦᠯ ᠦᠵᠡᠭᠦᠯᠳᠡᠭ᠂ ᠲᠡᠭᠦᠨ ᠳᠤ ᠲᠦᠰᠢᠭᠯᠡᠵᠦ ᠪᠤᠯᠬᠤ ᠦᠭᠡᠢ᠃ | 2. ᠽᠤᠤ ᠪᠠᠨ ᠪᠤᠴᠠᠯᠭᠠᠵᠤ ᠪᠤᠯᠬᠤ ᠦᠭᠡᠢ᠂ ᠪᠤᠴᠠᠯᠭᠠᠪᠠᠯ ᠦᠢᠯᠡᠳᠦᠯ ᠪᠠᠭᠤᠷᠠᠳᠠᠭ᠃ | 3. ᠽᠤᠤ ᠳᠤ ᠳᠡᠪᠲᠦᠭᠡᠭᠰᠡᠨ ᠰᠠᠷᠢᠮᠰᠠᠭ ᠢ ᠤᠷᠲᠤ ᠬᠤᠭᠤᠴᠠᠭ᠎ᠠ ᠢᠳᠡᠵᠦ ᠪᠤᠯᠤᠨ᠎ᠠ᠂ ᠭᠡᠪᠡᠴᠦ ᠡᠳᠦᠷ ᠪᠦᠷᠢ ᠬᠡᠲᠤ ᠠᠷᠪᠢᠨ ᠢᠳᠡᠵᠦ ᠪᠤᠯᠬᠤ ᠦᠭᠡᠢ᠂ | ᠨᠢᠭᠡ ᠠᠴᠠ ᠬᠤᠶᠠᠷ ᠰᠢᠳᠦ ᠢᠳᠡᠪᠡᠯ ᠪᠤᠯᠴᠢᠬᠠᠨ᠎ᠠ᠃ | ᠴᠡᠭᠡᠷ ᠬᠢᠭᠡᠳ ᠵᠠᠰᠠᠯ | ᠰᠤᠩᠬᠢᠨ᠎ᠡ ᠰᠠᠷᠢᠮᠰᠠᠭ ᠢ ᠭᠠᠯ ᠳᠤ ᠬᠢᠬᠦ ᠶᠢ ᠴᠡᠭᠡᠷᠯᠡᠨ᠎ᠡ᠃ ᠨᠢᠳᠦᠨ ᠤ ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃ ᠭᠠᠭᠴᠠ ᠲᠤᠯᠤᠭᠠᠶᠢᠲᠤ | ᠰᠠᠷᠢᠮᠰᠠᠭ ᠤᠨ ᠰᠦᠮᠦᠰᠦ ᠶᠢ ᠬᠠᠮᠠᠷ ᠲᠤ ᠪᠠᠨ ᠳᠤᠰᠤᠭᠠᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃ ᠰᠠᠷᠢᠮᠰᠠᠭ ᠢ ᠬᠡᠷᠴᠢᠭᠡᠳ ᠴᠠᠢ ᠪᠠᠷ ᠳᠠᠷᠤᠭᠤᠯᠵᠤ ᠤᠤᠭᠤᠪᠠᠯ | ᠲᠤᠯᠤᠭᠠᠢ ᠡᠪᠡᠳᠬᠦ ᠶᠢ ᠵᠤᠭᠰᠤᠭᠠᠨ᠎ᠠ᠃ | |