ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/10
      6 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ᠬᠠᠮᠲᠤ ︵ᠥᠷᠭᠡᠳᠬᠡᠭᠰᠡᠨ︶ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠮᠠᠨ ᠤ ᠬᠤᠰᠢᠭᠤᠨ ᠤ ᠳᠡᠭᠡᠳᠦ ᠱᠠᠲᠤᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠥᠯᠢᠶᠡᠨ ᠠᠪᠬᠤ ᠲᠠᠯ᠎ᠠ ᠪᠠᠷ ᠬᠢ ᠵᠣᠭᠰᠣᠴᠠ ᠪᠠ ᠬᠦᠴᠦᠯᠡᠬᠦ ᠴᠡᠭ ᠢ ᠪᠥᠬᠦ ᠲᠠᠯ᠎ᠠ ᠪᠠᠷ ᠡᠮᠬᠢᠯᠡᠵᠦ᠂ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠥᠬᠦ ᠬᠦᠴᠦᠨ ᠢᠶᠠᠷ ᠢᠶᠠᠨ ᠥᠭᠡᠳᠡᠯᠡᠨ ᠳᠠᠪᠰᠢᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠴᠢᠨᠠᠷ ᠰᠠᠶᠢᠲᠠᠢ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠤᠰ ᠬᠡᠲᠦ ᠶᠢᠨ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠠᠵᠢᠯ ᠤᠨ ᠪᠣᠳᠠᠲᠤ ᠪᠠᠶᠢᠳᠠᠯ ᠪᠠ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠲᠥᠯᠥᠪᠵᠢᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠲᠦᠷᠦᠭᠦᠯᠡᠨ ᠰᠤᠷᠲᠠᠯ ᠢᠶᠠᠨ ᠰᠠᠶᠢᠵᠢᠷᠠᠭᠤᠯᠵᠤ᠂ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ