ᠪᠦᠬᠡᠪᠠᠶᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/10
      6 ᠰᠠᠷ᠎ᠠ ᠶᠢᠨ 9 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ᠃      ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠮᠥᠨ ᠴᠢᠨᠠᠷ ᠤᠨ ᠰᠢᠨᠵᠢ ᠴᠢᠨᠠᠷ ᠪᠠ ᠤᠯᠤᠰ ᠲᠥᠷᠥ ᠶᠢᠨ ᠬᠤᠤᠷ ᠬᠥᠨᠥᠭᠡᠯ ᠢ ᠲᠣᠳᠣᠷᠬᠠᠶ ᠲᠠᠨᠢᠵᠤ᠂ ᠰᠤᠷᠤᠯᠴᠠᠯᠭ᠎ᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠥᠷᠭᠡᠳᠬᠡᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ ᠪᠠᠶᠢᠭᠠᠳ ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨ ᠪᠣᠳᠠᠲᠠᠶ ᠠᠵᠢᠯᠯᠠᠵᠤ᠂ ᠬᠦᠨᠳᠦ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢᠶᠠᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠡᠷᠡᠰ ᠴᠡᠭᠴᠡᠯᠡᠨ ᠵᠠᠰᠠᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠯᠠᠪᠳᠠᠭᠤᠨ ᠪᠠᠲᠤᠲᠠᠶ ᠠᠵᠢᠯ ᠤᠨ ᠰᠤᠷᠲᠠᠯ ᠪᠠ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠮᠠᠨ ᠤ ᠬᠤᠰᠢᠭᠤᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠴᠢᠨᠠᠷ ᠰᠠᠶᠢᠲᠠᠶ ᠥᠷᠨᠢᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠡᠯᠡ ᠣᠷᠣᠭᠤᠯᠤᠯᠲᠠ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠷᠪᠠᠨ ᠠᠵᠤ ᠦᠢᠯᠡᠰ ᠤᠨ ᠬᠠᠮᠵᠢᠯᠴᠠᠨ ᠬᠠᠮᠲᠤᠪᠠᠷ ᠨᠡᠮᠡᠭᠳᠡᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠬᠡᠷᠡᠭᠲᠡᠢ᠃ ᠭᠠᠳᠠᠨ᠎ᠠ ᠣᠷᠣᠨ ᠠᠴᠠ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠮᠢᠶᠠᠷᠤᠨ ᠡᠵᠡᠮᠳᠡᠬᠦ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠵᠤ᠂ ︽ᠨᠡᠭᠦᠳᠡᠯ ᠮᠠᠶ᠋ᠢᠭ ᠤᠨ ᠭᠡᠷᠲᠦ ᠲᠡᠷᠭᠡ︾ ᠵᠡᠷᠭᠡ ᠰᠢᠨ᠎ᠡ ᠬᠡᠯᠪᠡᠷᠢ ᠶᠢᠨ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠣᠯᠳᠠᠯᠭ᠎ᠠ ᠲᠠᠢ ᠪᠤᠶᠢᠵᠢᠭᠤᠯᠵᠤ᠂ ᠢᠵᠢ ᠪᠦᠷᠢᠳᠦᠭᠰᠡᠨ ᠲᠥᠬᠦᠭᠡᠷᠦᠮᠵᠢ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ