ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠲᠤᠰᠬᠠᠶ ᠬᠢᠨᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/6/10
      ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠰᠢᠯᠭᠠᠯᠲᠠ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠥᠷᠭᠡᠨ ᠣᠯᠠᠨ ᠰᠢᠯᠭᠠᠭᠤᠯᠤᠭᠴᠢ ᠳᠤ ᠡᠷᠡᠭᠦᠯ ᠮᠡᠨᠳᠦ᠂ ᠰᠠᠨᠠᠭ᠎ᠠ ᠠᠮᠤᠷ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ᠂ ᠰᠢᠯᠭᠠᠯᠲᠠ ᠶᠢᠨ ᠲᠣᠭᠤᠷᠢᠭ ᠤᠨ ᠰᠤᠷᠭᠠᠭᠤᠯᠢ ᠵᠢᠴᠢ ᠡᠷᠬᠢᠨ ᠲᠣᠭᠤᠷᠢᠨ ᠤ ᠣᠯᠠᠨ ᠨᠡᠶᠢᠲᠡ ᠶᠢᠨ ᠲᠠᠯᠠᠪᠤᠷ ᠲᠤ ᠴᠢᠭᠯᠡᠭᠦᠯᠦᠨ᠂ ᠪᠥᠬᠦ ᠲᠠᠯ᠎ᠠ ᠶᠢᠨ ᠪᠥᠭᠡᠳ ᠨᠠᠷᠢᠨ ᠨᠢᠮᠪᠠᠶ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃
6.10疾控1.png
      ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠭᠤᠤᠯᠳᠠᠯᠭ᠎ᠠ ᠲᠣᠪᠤᠶᠢᠮ᠎ᠠ᠂ ᠬᠠᠷᠠᠯᠲᠠ ᠲᠣᠳᠣᠷᠬᠠᠶ ᠪᠠᠶᠢᠨ᠎ᠠ᠃ ᠰᠢᠯᠭᠠᠯᠲᠠ ᠶᠢᠨ ᠲᠣᠭᠤᠷᠢᠭ ᠤᠨ ᠰᠤᠷᠭᠠᠭᠤᠯᠢ ᠶᠢᠨ ᠲᠠᠯ᠎ᠠ ᠪᠠᠷ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠦᠪᠯᠡᠷᠡᠭᠦᠯᠪᠡᠯ᠃ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠠᠵᠢᠯᠲᠠᠳ ᠬᠢᠴᠢᠶᠡᠯ ᠤᠨ ᠭᠡᠷ ᠲᠤ ᠭᠦᠨᠵᠡᠭᠡᠶᠢᠷᠡᠵᠦ᠂ ᠰᠠᠯᠬᠢ ᠨᠡᠪᠲᠡᠷᠡᠬᠦ ᠪᠠᠶᠢᠳᠠᠯ ᠨᠢ ᠰᠠᠶᠢᠨ ᠪᠠᠶᠢᠬᠤ ᠡᠰᠡᠬᠦ ᠶᠢ ᠨᠠᠷᠢᠨ ᠨᠢᠮᠪᠠᠶ ᠬᠠᠷᠭᠤᠭᠤᠯᠤᠨ ᠪᠠᠶᠢᠴᠠᠭᠠᠵᠤ᠂ ᠠᠷᠢᠭᠤᠳᠬᠠᠭᠰᠠᠨ ᠲᠡᠮᠳᠡᠭᠯᠡᠯ ᠨᠢ ᠪᠦᠷᠢᠨ ᠪᠦᠲᠦᠨ ᠵᠢᠷᠤᠮᠵᠢᠯ ᠲᠠᠢ ᠪᠠᠶᠢᠬᠤ ᠡᠰᠡᠬᠦ ᠶᠢ ᠨᠠᠷᠢᠨ ᠬᠢᠨᠠᠮᠠᠭᠠᠶ ᠤᠷᠪᠠᠭᠤᠯᠤᠨ ᠦᠵᠡᠵᠦ᠂ ᠰᠢᠯᠭᠠᠭᠤᠯᠤᠭᠴᠢ ᠶᠢᠨ ᠡᠷᠡᠭᠦᠯ ᠮᠡᠨᠳᠦ ᠶᠢ ᠨᠥᠯᠥᠭᠡᠯᠡᠵᠦ ᠮᠡᠳᠡᠬᠦ ᠶᠠᠮᠠᠷᠪᠠ ᠨᠠᠷᠢᠨ ᠵᠦᠢᠯᠡᠰ ᠢ ᠴᠤ ᠲᠠᠯᠪᠢᠵᠤ ᠭᠠᠷᠭᠠᠬᠤ ᠥᠬᠡᠶ ᠪᠠᠶᠢᠬᠤ ᠶᠢ ᠪᠠᠲᠤᠯᠠᠪᠠ᠃
6.10疾控2.png
      ᠡᠭᠦᠨ ᠤ ᠬᠠᠮᠲᠤ᠂ ᠰᠢᠯᠭᠠᠯᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠬᠤᠨᠤᠭᠯᠠᠬᠤ ᠭᠠᠵᠠᠷ ᠲᠤ ᠬᠠᠤᠯᠢ ᠬᠡᠷᠡᠭᠵᠢᠭᠦᠯᠬᠦ ᠠᠵᠢᠯᠲᠠᠳ ᠴᠢᠩᠭ᠎ᠠ ᠪᠠᠷᠢᠮᠵᠢᠶ᠎ᠠ ᠶᠢ ᠪᠠᠷᠢᠮᠲᠠᠯᠠᠵᠤ᠂ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠢ ᠨᠢᠭᠡᠳ ᠨᠢᠭᠡ ᠪᠠᠷ ᠪᠠᠶᠢᠴᠠᠭᠠᠨ ᠰᠢᠯᠭᠠᠵᠤ᠂ ᠡᠯ᠎ᠡ ᠲᠠᠯᠠᠪᠤᠷ ᠭᠠᠵᠠᠷ ᠤᠨ ᠡᠵᠡᠩᠨᠡᠯᠲᠡ ᠶᠢᠨ ᠬᠢᠷᠢ ᠬᠡᠮ ᠤᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠪᠠ᠃ ᠡᠭᠦᠨ ᠢᠶᠠᠷ ᠪᠠᠷᠠᠬᠤ ᠥᠬᠡᠶ ᠪᠠᠰᠠ ᠣᠯᠠᠨ ᠨᠡᠶᠢᠲᠡ ᠶᠢᠨ ᠬᠡᠷᠡᠭᠰᠡᠯ ᠤᠨ ᠠᠷᠢᠭᠤᠳᠬᠠᠯ ᠤᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠣᠯᠠᠨ ᠨᠡᠶᠢᠲᠡ ᠶᠢᠨ ᠬᠡᠷᠡᠭᠰᠡᠯ ᠤᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠢᠯᠭᠠᠭᠤᠯᠤᠭᠴᠢ ᠶᠢᠨ ᠠᠮᠢᠳᠤᠷᠠᠯ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠪᠥᠬᠦ ᠲᠠᠯ᠎ᠠ ᠶᠢᠨ᠂ ᠭᠦᠨᠵᠡᠭᠡᠶ ᠬᠢᠨᠠᠯᠲᠠ ᠪᠠᠶᠢᠴᠠᠭᠠᠯᠲᠠ ᠬᠢᠬᠦ ᠪᠠᠷ ᠳᠡᠮᠵᠢᠨ᠂ ᠰᠢᠯᠭᠠᠯᠲᠠ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠪᠠᠲᠤᠯᠠᠭ᠎ᠠ ᠤᠯᠠᠮ ᠨᠢᠭᠡ ᠠᠯᠬᠤᠮ ᠴᠢᠩᠭᠠᠷᠠᠵᠤ᠂ ᠥᠷᠭᠡᠨ ᠣᠯᠠᠨ ᠰᠢᠯᠭᠠᠭᠤᠯᠤᠭᠴᠢ ᠶᠢᠨ ᠰᠢᠯᠭᠠᠯᠲᠠ ᠳᠤ ᠤᠷᠤᠭᠰᠢᠲᠠᠶ ᠰᠢᠯᠭᠠᠯᠲᠠ ᠳᠤ ᠣᠷᠣᠯᠴᠠᠬᠤ ᠳᠤ ᠪᠠᠲᠤ ᠪᠠᠬᠢ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ ᠥᠭᠭᠦᠭᠰᠡᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ