ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠵᠢᠯ ᠢ ᠢᠮᠠᠭᠲᠠ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠪᠦᠬᠦ ᠤᠯᠤᠰ ᠤᠨ ᠬᠥᠭᠵᠢᠯᠲᠡ | ᠪᠣᠯᠤᠨ ᠠᠮᠤᠷ ᠲᠦᠪᠰᠢᠨ ᠤ ᠶᠡᠭᠡ ᠲᠠᠯ᠎ᠠ ᠠᠴᠠ ᠪᠣᠳᠣᠯᠬᠢᠯᠠᠵᠤ᠂ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ | ᠪᠦᠳᠦᠬᠡᠨ ᠪᠠᠶᠢᠭᠤᠯᠬᠤ ᠳᠤ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠣᠯᠭᠤᠵᠠᠢ᠃ ᠶᠡᠷᠦᠩᠬᠡᠶ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠳᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠪᠣᠯ ᠥᠭᠡᠷᠡᠴᠢᠯᠡᠯᠲᠡ ᠬᠥᠭᠵᠢᠯᠲᠡ ᠶᠢᠨ | ᠤᠷᠢᠲᠠᠯ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠠᠭᠠᠯᠠᠬᠤ ᠰᠠᠭᠤᠷᠢᠯᠠᠬᠤ ᠴᠢᠨᠠᠷᠲᠠᠶ ᠦᠢᠯᠡᠳᠦᠯ ᠲᠠᠢ ᠶᠤᠮ᠃ ᠤᠢᠢᠷ᠎ᠠ ᠶᠢᠨ ᠵᠢᠯ ᠠᠴᠠ ᠨᠠᠭᠠᠰᠢ᠂ | ᠥᠪᠥᠷ ᠮᠣᠩᠭᠤᠯ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠢᠳᠡᠪᠬᠢᠲᠡᠢ ᠦᠢᠯᠡᠳᠦᠯᠭᠡᠵᠢᠭᠦᠯᠵᠦ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠵᠤ᠂ ᠥᠪᠡᠷᠲᠡᠭᠡᠨ ᠵᠠᠰᠠᠬᠤ | ᠣᠷᠣᠨ ᠤ ᠨᠢᠭᠡ ᠭᠤᠣᠯ ᠰᠢᠵᠢᠮ ᠢ ᠲᠤᠭᠤᠰᠢᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠤᠷᠤᠬᠤ ᠳᠤ ᠪᠠᠲᠤ ᠪᠠᠬᠢ ᠰᠠᠭᠤᠷᠢ ᠲᠠᠯᠪᠢᠵᠠᠢ᠃ | ᠨᠠᠩ ᠰᠠᠨᠠᠭᠠᠴᠢᠯᠠᠭ᠎ᠠ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠪᠠ᠃ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ | ᠠᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠨᠠᠩ ᠯᠠᠪᠳᠠᠭᠤᠨ ᠪᠠᠲᠤᠲᠠᠶ ᠪᠦᠲᠦᠮᠵᠢᠲᠡᠶ ᠪᠣᠯᠪᠠ᠃ ᠤᠯᠤᠰ ᠤᠨ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠤᠨ ︽ᠳᠣᠯᠤᠭ᠎ᠠ ᠶᠢ ᠣᠷᠣᠭᠤᠯᠬᠤ︾ ᠠᠵᠢᠯ ᠢ ᠭᠦᠨᠵᠡᠭᠡᠶ ᠠᠬᠢᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠵᠠᠭᠤᠨ ᠲᠣᠰᠬᠤᠨ ︵ | ᠭᠠᠴᠠᠭ᠎ᠠ︶ ᠳᠤ ᠣᠷᠣᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠤᠯᠠᠭᠠᠨᠮᠥ᠋ᠴᠢᠷ ᠤᠨ ᠮᠢᠩᠭᠠᠨ ᠭᠠᠵᠠᠷ ᠤᠨ ᠪᠣᠭᠤᠮᠲᠠ ᠶᠢᠨ ᠠᠶᠠᠯᠠᠯ︾ ᠤᠨ ᠲᠣᠭᠤᠷᠢᠨ | ᠲᠣᠭᠯᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠣᠨᠴᠠᠯᠢᠭᠲᠤ ᠠᠵᠢᠯᠯᠠᠭ᠎ᠠ ᠶᠢ ᠥᠷᠨᠢᠭᠦᠯᠪᠡ᠃ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ | ᠲᠠᠰᠤᠷᠠᠯᠲᠠ ᠦᠭᠡᠢ ᠪᠠᠬᠢᠵᠢᠪᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠲᠥᠯᠥᠪᠯᠡᠭᠡ︾ ᠢᠢᠨ ᠠᠵᠢᠯᠯᠠᠭ᠎ᠠ ᠶᠢ ᠪᠣᠶ ᠪᠣᠯᠭᠠᠵᠤ᠂ 2024 ᠣᠨ ᠳᠤ 3 ᠠᠶᠢᠮᠠᠭ | ᠬᠤᠲᠠ᠂ 7 ᠬᠤᠰᠢᠭᠤ ᠰᠢᠶᠠᠨ᠂ 4 ᠨᠢᠭᠡᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ | ᠦᠵᠡᠭᠦᠯᠬᠦ ᠨᠢᠭᠡᠴᠢ ᠪᠠᠷ ᠦᠨᠡᠯᠡᠭᠳᠡᠵᠦ᠂ 14 ᠬᠠᠮᠲᠤ ᠪᠠ 17 ᠬᠤᠪᠢ ᠬᠥᠮᠦᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠠᠮᠲᠤ ᠪᠠ ᠵᠢᠱᠢᠶᠡᠴᠢ ᠬᠤᠪᠢ ᠬᠥᠮᠦᠨ ᠤ ᠢᠷᠠᠭᠤ ᠠᠯᠳᠠᠷ ᠢ ᠭᠥᠷᠳᠡᠪᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ | ᠦᠭᠡᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠪᠡ᠃ | ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ | ᠴᠢᠩᠭᠠᠳᠬᠠᠨ᠂ ᠠᠮᠢ ᠶᠢᠨ ᠬᠡᠷᠡᠭ ᠢ ᠴᠠᠬ ᠲᠤᠬᠠᠢ ᠳᠤᠨᠢ ᠰᠶᠢᠳᠪᠦᠷᠢᠯᠡᠭᠰᠡᠨ ᠨᠤᠷᠮ᠎ᠠ᠂ ᠳᠠᠷᠤᠭᠳᠠᠮᠠᠯ ᠬᠡᠷᠡᠭ ᠤᠨ ᠬᠥᠮᠥᠷᠭᠡ ᠶᠢᠨ ᠬᠠᠳᠠᠭᠠᠯᠠᠯᠲᠠ ᠳᠣᠷᠣᠭᠰᠢᠯᠠᠬᠰᠠᠨ | ᠨᠤᠷᠮ᠎ᠠ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠪᠦᠬᠦᠨ ᠢ | ᠪᠦᠷᠬᠦᠭᠦᠯᠬᠦ ᠶᠢ ᠪᠡᠶᠡᠯᠡᠭᠦᠯᠪᠡ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ᠣᠷᠣᠯᠠᠨ ᠭᠦᠢᠴᠡᠳᠭᠡᠬᠦ ᠵᠦᠢᠯᠡᠰ ᠢ | ᠭᠦᠢᠴᠡᠳᠭᠡᠵᠦ ᠳᠠᠭᠤᠰᠬᠠᠭᠰᠠᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠪᠡ᠃ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ 2024 ᠣᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ | ᠲᠤᠭ᠎ᠠ᠂ ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 18.3%᠂ 25.4% ᠪᠠᠷ ᠪᠠᠭᠤᠷᠠᠪᠠ᠃ | ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ᠃ ︽ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ︾ ᠶᠢᠨ | ᠰᠠᠭᠤᠷᠢ ᠲᠥᠬᠦᠭᠡᠷᠦᠮᠵᠢ ᠶᠢᠨ ᠨᠢᠭᠡ ᠴᠤᠭᠴᠠᠵᠢᠭᠤᠯᠤᠯᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠲᠡ 172 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ | ᠡᠬᠢᠯᠡᠭᠰᠡᠨ ᠨᠣᠷᠮ᠎ᠠ᠂ ᠪᠠᠷᠢᠯᠭ᠎ᠠ ᠳᠠᠭᠤᠰᠤᠭᠰᠠᠨ ᠨᠣᠷᠮ᠎ᠠ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢᠨ ᠨᠣᠷᠮ᠎ᠠ᠂ ᠬᠢᠯᠢ ᠶᠢᠨ ᠬᠠᠮᠠᠭᠠᠯᠠᠯᠲᠠ ᠶᠢᠨ | ᠳᠠᠷᠤᠭ᠎ᠠ ᠪᠠᠶᠢᠯᠳᠤᠭᠴᠢᠳ ᠤᠨ ᠬᠠᠨᠤᠮᠵᠢ ᠶᠢᠨ ᠬᠡᠮᠵᠢᠶ᠎ᠡ ᠴᠥᠮ 100% ᠳᠤ ᠬᠦᠷᠪᠡ᠃ ︽ᠬᠦᠮᠦᠨ ᠤ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ︾ ᠢᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠯ᠎ᠠ ᠨᠤᠲᠤᠭ ᠤᠨ 110᠂ ︽ᠬᠤᠪᠢᠰᠬᠠᠯᠲᠤ ᠪᠠᠬᠢᠯᠡᠯᠲᠡ ᠡᠷᠦᠬᠡ︾ ᠵᠡᠷᠭᠡ ᠪᠦᠲᠦᠮᠵᠢᠲᠡᠢ ᠠᠷᠭ᠎ᠠ ᠪᠠᠷᠢᠯ ᠢ | ᠪᠦᠬᠦ ᠲᠠᠯ᠎ᠠ ᠪᠠᠷ ᠬᠡᠷᠡᠭᠵᠢᠭᠦᠯᠵᠦ᠂ 1 ᠬᠢᠯᠢ ᠶᠢᠨ ᠬᠤᠰᠢᠭᠤ᠂ 2 ᠬᠢᠯᠢ ᠶᠢᠨ ᠪᠠᠯᠭᠠᠰᠤ ᠨᠢ ᠪᠦᠬᠦ ᠤᠯᠤᠰ ᠤᠨ ᠲᠦᠷᠦᠭᠦᠤ ᠪᠦᠯᠦᠭ ᠤᠨ ᠠᠮᠤᠷ ᠠᠮᠤᠭᠤᠯᠠᠩ | ᠬᠢᠯᠢ ᠶᠢᠨ ᠵᠢᠱᠢᠶᠡᠴᠢ ᠰᠢᠶᠠᠨ ᠤ ᠬᠤᠲᠠ ᠪᠠ ᠵᠢᠱᠢᠶᠡᠴᠢ ᠰᠢᠶᠠᠩ ᠪᠠᠯᠭᠠᠰᠤ ᠪᠠᠷ ᠦᠨᠡᠯᠡᠭᠳᠡᠪᠡ᠃ | ︵ᠵᠣᠬᠢᠶᠠᠭᠴᠢ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ︶ | | |