ᠠᠷᠠᠳ ᠤᠯᠠᠨ ᠳᠤ ᠯᠠᠪᠳᠠᠭᠤᠨ ᠪᠠᠳᠤᠳᠠᠢ ᠵᠤᠯ ᠵᠢᠷᠭᠠᠯ ᠢ ᠡᠳ᠋ᠯᠡᠬᠦᠯᠦᠶ᠎ᠡ
ᠨᠡᠶᠢᠲᠡᠯᠡᠭᠰᠡᠨ ᠴᠠᠭ᠄
2025/6/10
      ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠬᠤᠶᠠᠷ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠨᠡᠩ ᠭᠦᠢᠴᠡᠳ᠂ ᠵᠢᠷᠭᠠᠯᠲᠤ ᠲᠦᠷᠦᠭᠳᠡᠯ ᠨᠡᠩ ᠦᠷᠭᠦᠯᠵᠢᠯᠡᠵᠤ᠂ ᠠᠮᠤᠷ ᠲᠦᠪᠰᠢᠨ ᠤ ᠲᠦᠷᠦᠭᠳᠡᠯ ᠨᠡᠩ ᠪᠠᠲᠤᠯᠠᠭ᠎ᠠ ᠲᠠᠢ ᠪᠣᠯᠵᠠᠢ᠃       ᠰᠠᠭᠤᠭᠠᠯᠢ ᠠᠷᠠᠳ ᠤᠨ ᠣᠷᠣᠯᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠥᠪᠥᠷ ᠮᠣᠩᠭᠤᠯ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠵᠢᠯ ᠤᠯᠬᠤ ︽ᠪᠤᠳᠠᠭᠠᠨ ᠠᠶᠠᠭ᠎ᠠ︾ ᠢᠢ ᠨᠠᠩ ᠰᠠᠶᠢᠳᠤᠷ ᠨᠠᠩ ᠲᠣᠭᠲᠠᠪᠤᠷᠢᠲᠠᠶ ᠪᠣᠯᠭᠠᠬᠤ ᠶᠢᠨ ᠬᠠᠮᠲᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠵᠡᠷᠭᠡ 5 ᠵᠦᠢᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠪᠥᠬᠦ ᠤᠯᠤᠰ ᠤᠨ ᠳᠤᠮᠳᠠᠴᠢ ᠲᠦᠪᠰᠢᠨ ᠳᠤ ᠬᠦᠷᠭᠡᠭᠰᠡᠨ ᠪᠤᠶᠤ ᠲᠡᠭᠦᠨ ᠠᠴᠠ ᠳᠠᠪᠠᠭᠤᠯᠪᠠ︔ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠶ ᠥᠷᠭᠡᠳᠭᠡᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ ᠱᠠᠩᠨᠠᠯ ᠵᠡᠷᠭᠡ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠶ ᠪᠠᠷ ᠨᠠᠶᠢᠳᠠᠪᠤᠷᠢᠵᠢᠭᠤᠯᠵᠤ᠂ ︽ᠬᠦᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ︾ ᠶᠢ ᠬᠡᠷᠡᠭᠵᠢᠭᠦᠯᠦᠨ᠂ ᠪᠥᠬᠦ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠪᠡ᠃       ᠰᠤᠷᠭᠠᠨ ᠬᠥᠮᠦᠵᠢᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠥᠪᠥᠷ ᠮᠣᠩᠭᠤᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠰᠤᠷᠭᠠᠭᠤᠯᠢ ᠡᠷᠭᠢᠯᠡᠬᠦ ᠰᠤᠷᠭᠠᠭᠤᠯᠢ ᠶᠢ ᠵᠠᠰᠠᠬᠤ ᠪᠥᠬᠦ ᠶᠠᠪᠤᠴᠠ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠰᠤᠷᠤᠬᠴᠢ ᠶᠢᠨ ᠤᠷᠤ ᠶᠢᠨ ᠬᠠᠩᠭᠠᠯᠭ᠎ᠠ ᠶᠢ ᠲᠠᠰᠤᠷᠠᠯᠲᠠ ᠥᠬᠡᠶ ᠥᠷᠭᠡᠳᠭᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠬᠦ ᠰᠢᠯᠭᠠᠯᠲᠠ ᠪᠠ ᠤᠯᠤᠰ ᠤᠨ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠴᠡᠴᠡᠷᠯᠢᠭ ᠲᠤ ᠣᠷᠣᠬᠤ ᠳᠤ ᠦᠨᠡᠲᠡᠶ︾᠂ ︽ᠴᠡᠴᠡᠷᠯᠢᠭ ᠲᠤ ᠣᠷᠣᠬᠤ ᠳᠤ ᠬᠦᠴᠢᠷᠲᠡᠶ︾᠂ ︽ᠰᠠᠶᠢᠨ ᠰᠤᠷᠭᠠᠭᠤᠯᠢ ᠳᠤ ᠤᠷᠤᠬᠤ ᠳᠤ ᠬᠦᠴᠢᠷᠲᠡᠶ︾ ᠪᠠᠶᠢᠬᠤ ᠵᠥᠷᠢᠴᠡᠯ ᠢ ᠪᠦᠲᠦᠮᠵᠢᠲᠡᠶ ᠨᠠᠮᠳᠠᠭᠤᠯᠪᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠰᠢᠨ᠎ᠡ ᠠᠯᠬᠤᠮ ᠢ ᠠᠯᠬᠤᠪᠠ᠃ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠬᠢᠴᠢᠶᠡᠯ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠴᠢᠨᠠᠷ ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠥᠷᠭᠡᠳᠭᠡᠬᠦ ᠶᠢ ᠲᠦᠷᠭᠡᠳᠭᠡᠵᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠦᠢᠯᠡᠰ ᠰᠤᠷᠭᠠᠨ ᠬᠥᠮᠦᠵᠢᠯ ᠤᠨ ᠠᠭᠤᠰᠤᠯᠴᠠᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃       ᠠᠷᠠᠳ ᠣᠯᠠᠨ ᠤ ᠡᠷᠡᠭᠦᠯ ᠮᠡᠨᠳᠦ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠥᠪᠥᠷ ᠮᠣᠩᠭᠤᠯ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢ ᠦᠨᠡᠨ ᠬᠦ ᠳᠡᠭᠡᠭᠰᠢᠯᠡᠭᠦᠯᠪᠡ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠮ ᠡᠮᠨᠡᠯᠭᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠪᠡᠭᠡᠵᠢᠩ ᠬᠤᠲᠠ ᠶᠢᠨ 358 ᠰᠤᠷᠭᠠᠭᠤᠯᠢ ᠯᠤᠭ᠎ᠠ ᠬᠠᠪᠰᠤᠷᠤᠯᠴᠠᠬᠤ ᠬᠠᠷᠢᠴᠠᠭ᠎ᠠ ᠪᠠᠶᠢᠭᠤᠯᠪᠠ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠭᠡᠬᠦ ᠪᠠ ᠣᠷᠣᠨ ᠪᠦᠰᠡ ᠶᠢ ᠲᠡᠩᠴᠡᠭᠦᠷᠢᠲᠡᠶ ᠪᠠᠶᠢᠷᠢᠯᠠᠭᠤᠯᠬᠤ ᠶᠢ ᠠᠬᠢᠭᠤᠯᠤᠨ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ ᠲᠦᠷᠭᠡᠳᠭᠡᠨ ᠪᠠᠶᠢᠭᠤᠯᠪᠡ᠃ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠬᠤᠯᠪᠣᠭᠠᠲᠤ ᠴᠣᠭᠴᠠ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠪᠠ ᠰᠢᠯᠵᠢᠮᠡᠯ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠬᠢᠵᠢᠭᠦᠯᠦᠨ ᠲᠡᠭᠦᠯᠳᠡᠷᠵᠢᠭᠦᠯᠪᠡ᠃       ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃ ᠥᠪᠥᠷ ᠮᠣᠩᠭᠤᠯ ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠠᠬᠢᠭᠤᠯᠬᠤ᠂ ᠬᠡᠪᠴᠢᠶ᠎ᠡ ᠶᠢ ᠥᠷᠭᠡᠳᠭᠡᠬᠦ ᠶᠢ ᠠᠳᠬᠤᠬᠤ᠂ ᠲᠠᠷᠬᠠᠭᠠᠯᠲᠠ ᠶᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠬᠦᠴᠦᠯᠡᠨ ᠰᠠᠶᠢᠲᠤᠷ ᠬᠢᠵᠦ᠂ ᠪᠥᠬᠦ ᠲᠠᠯ᠎ᠠ ᠶᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ᠂ ᠲᠥᠪ ᠭᠤᠤᠯᠴᠢ ᠨᠢᠭᠡᠳᠦᠯᠲᠡᠶ᠂ ᠠᠮᠤᠷ ᠲᠦᠪᠰᠢᠨ ᠵᠢᠷᠤᠮᠵᠢᠩᠭᠤᠢ᠂ ᠦᠷᠭᠦᠯᠵᠢᠯᠡᠬᠦ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠶᠢ ᠦᠷᠭᠦᠯᠵᠢᠯᠡᠨ ᠲᠡᠭᠦᠯᠳᠡᠷᠵᠢᠭᠦᠯᠬᠦ ᠶᠢ ᠠᠬᠢᠭᠤᠯᠪᠠ᠃ ᠪᠥᠬᠦ ᠣᠷᠣᠨ ᠤ ᠨᠢᠭᠡᠳᠦᠯᠲᠡᠶ ᠡᠮ ᠡᠮᠨᠡᠯᠬᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠣᠯᠠᠨ ᠲᠦᠮᠡᠨ ᠡᠪᠡᠳᠴᠢᠨ ᠦᠵᠡᠭᠦᠯᠬᠦ ᠳᠤ ᠨᠠᠩ ᠲᠥᠬᠦᠮ᠂ ᠨᠠᠩ ᠲᠦᠷᠭᠡᠨ ᠪᠣᠯᠵᠠᠢ᠃ ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠲᠡᠯ ᠳᠤ ᠲᠤᠯᠭᠠᠷᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠬᠠᠷᠢᠯᠴᠠᠨ ᠬᠠᠪᠰᠤᠷᠤᠯᠴᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠲᠤᠯᠠᠪᠠ᠃       ︵ᠵᠣᠬᠢᠶᠠᠭᠴᠢ ᠪᠣᠯ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠶ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ