ᠲᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠨᠢ ᠮᠠᠨ ᠤ ᠤᠯᠤᠰ ᠤᠨ ᠤᠮᠠᠷᠠᠳᠤ ᠶᠢᠨ ᠴᠢᠬᠤᠯᠠ | ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠪᠤᠯᠤᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠤᠷᠤᠨ ᠪᠤᠯᠬᠤ ᠶᠤᠮ᠃ | 2021 ᠣᠨ ᠤ 9 ᠰᠠᠷ᠎ᠠ ᠳᠤ᠂ ᠪᠡᠭᠡᠵᠢᠩ ᠤᠨ ᠤᠷᠳᠤ ᠰᠡᠭᠦᠯᠳᠤ ᠪᠤᠭᠤ ᠶᠢᠨ ᠠᠮᠢ ᠠᠬᠤᠶ ᠶᠢᠨ ᠲᠤᠷᠰᠢᠯᠲᠠ ᠶᠢᠨ ᠲᠥᠪ ᠪᠣᠯᠤᠨ ᠵᠢᠶᠠᠩᠰᠦ ᠶᠢᠨ ᠳ᠋ᠠ ᠹᠤᠩ | ᠤᠷᠳᠤ ᠰᠡᠭᠦᠯᠳᠤ ᠪᠤᠭᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 27 ᠤᠷᠳᠤ ᠰᠡᠭᠦᠯᠳᠤ ᠪᠤᠭᠤ ᠶᠢ ᠦᠪᠤᠷ ᠮᠤᠩᠭᠤᠯ ᠤᠨ ᠳᠠᠯᠠᠨ ᠬᠠᠷ᠎ᠠ ᠠᠭᠤᠯᠠ ᠶᠢᠨ | ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠬᠡᠬᠤᠲᠠ ᠶᠢᠨ ᠪᠠᠶ ᠱᠢ ᠳᠧᠦ ᠭᠸᠤ ᠳᠤ ᠠᠪᠴᠢᠷᠠᠵᠤ ᠡᠬᠡ ᠪᠠᠶᠢᠭᠠᠯᠢ ᠳᠤᠨᠢ ᠪᠤᠴᠠᠭᠠᠪᠠ᠃ 3 | ᠵᠢᠯ ᠬᠠᠭᠠᠰ ᠤᠨ ᠬᠤᠭᠤᠴᠠᠭ᠎ᠠ ᠶᠢ ᠥᠩᠭᠡᠷᠡᠭᠡᠭᠡᠳ ᠤᠷᠳᠤ ᠰᠡᠭᠦᠯᠳᠤ ᠪᠤᠭᠤ ᠠᠳᠡᠬᠢ ᠪᠠᠶᠢᠭᠠᠯᠢ ᠶᠢᠨ ᠣᠷᠴᠢᠨ ᠲᠣᠭᠤᠷᠢᠨ ᠳᠤ ᠵᠤᠬᠢᠴᠠᠵᠤ᠂ ᠳᠦᠷᠰᠦ ᠶᠢᠨ | ᠰᠦᠷᠦᠭ ᠤᠨ ᠶᠡᠷᠦᠩᠬᠡᠶ ᠲᠤᠭ᠎ᠠ ᠨᠢᠭᠡᠨᠲᠡ 60 ᠭᠠᠷᠤᠶ ᠪᠣᠯᠵᠤ ᠨᠡᠮᠡᠭᠳᠡᠪᠠ᠂ ᠡᠨᠡ ᠨᠢ ᠤᠷᠳᠤ ᠰᠡᠭᠦᠯᠳᠤ ᠪᠤᠭᠤ ᠶᠢᠨ ᠳᠦᠷᠰᠦ ᠶᠢᠨ ᠵᠣᠬᠢᠴᠠᠬᠤ ᠴᠢᠳᠠᠪᠤᠷᠢ ᠶᠢᠨ | ᠭᠠᠶᠢᠬᠠᠮᠰᠢᠭ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠠᠶᠢᠵᠢᠷᠠᠯᠳᠠ ᠶᠢ ᠬᠦᠢᠴᠡᠳ | ᠬᠠᠷᠠᠭᠤᠯᠵᠤ᠂ ᠢᠯᠠᠩᠭᠤᠶ᠎ᠠ ᠬᠦᠮᠤᠨ ᠪᠠᠶᠢᠭᠠᠯᠢ ᠠᠮᠢᠳᠠᠨ ᠤ ᠡᠶ᠎ᠡ ᠵᠣᠬᠢᠴᠠᠩᠭᠤᠢ ᠪᠠᠷ ᠬᠠᠮᠲᠤ ᠪᠠᠷ ᠤᠷᠤᠰᠢᠬᠤ ᠶᠢᠨ ᠠᠮᠢᠳᠤᠯᠢᠭ ᠵᠢᠱᠢᠶ᠎ᠡ ᠪᠤᠯᠤᠭᠰᠠᠨ ᠠᠵᠢ᠃ | ᠮᠦᠬᠦᠬᠦ ᠰᠢᠬᠠᠭᠰᠠᠨ ᠠᠮᠢᠳᠠᠨ ᠤᠷᠭᠤᠮᠠᠯ ᠤᠨ ᠬᠠᠮᠠᠭᠠᠯᠠᠯᠳᠠ ᠨᠢ ᠬᠦᠮᠤᠰ ᠤᠨ ᠪᠠᠶᠢᠭᠠᠯᠢ ᠶᠢᠨ ᠵᠢᠮ᠎ᠡ ᠶᠤᠰᠤ ᠶᠢ ᠵᠢᠷᠤᠮᠯᠠᠵᠤ᠂ ᠰᠢᠨᠵᠢᠯᠡᠭᠦ ᠤᠬᠠᠭᠠᠨ ᠲᠧᠭᠨᠢᠭ | ᠮᠡᠷᠭᠡᠵᠢᠯ ᠢ ᠠᠰᠢᠬᠯᠠᠭᠰᠠᠨ ᠣᠶᠤᠨᠳᠤ ᠠᠵᠢᠯᠯᠠᠭ᠎ᠠ ᠠᠴᠠ ᠰᠠᠯᠵᠤ ᠴᠢᠳᠠᠰᠢ ᠦᠭᠡᠢ ᠶᠤᠮ᠃ ᠤᠷᠳᠤ ᠰᠡᠭᠦᠯᠳᠤ ᠪᠤᠭᠤ ᠳᠤ ᠳᠠᠭᠠᠭᠤᠯᠢ ᠤᠳᠤᠨ ᠤ ᠠᠯᠤᠰ ᠰᠡᠷᠡᠯ ᠢᠶᠠᠷ | ᠬᠢᠨᠠᠨ ᠰᠢᠨᠵᠢᠭᠦ ᠵᠢᠴᠢ ᠠᠵᠢᠯᠳᠠᠨ ᠠᠭᠤᠯᠠᠨ ᠳᠤ ᠭᠠᠷᠴᠦ ᠭᠠᠳᠠᠭᠰᠢᠯᠠᠭᠤᠯᠤᠯᠳᠠ ᠶᠢ ᠰᠢᠨᠵᠢᠭᠦ ᠵᠡᠷᠭᠡ ᠢᠢ ᠤᠶᠠᠯᠳᠤᠭᠤᠯᠤᠭᠰᠠᠨ ︽ᠲᠡᠭᠷᠢ ᠭᠠᠵᠠᠷ ᠢ ᠨᠢᠭᠡ | ᠴᠤᠭᠴᠠᠵᠢᠭᠤᠯᠤᠭᠰᠠᠨ ᠬᠢᠨᠠᠨ ᠬᠡᠮᠵᠢᠬᠦ ᠰᠢᠰᠲ᠋ᠧᠮ︾ ᠢ ᠪᠠᠶᠢᠭᠤᠯᠤᠭᠰᠠᠨ ᠡᠨᠡ ᠬᠦ ᠤᠨᠤᠴᠠᠳᠠᠢ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠬᠡᠭᠡᠷ᠎ᠡ ᠶᠢᠨ | ᠠᠮᠢᠲᠠᠨ ᠳᠤ ᠰᠢᠭᠤᠳ ᠬᠠᠷᠰᠢ ᠪᠤᠯᠬᠤ ᠬᠥᠮᠦᠨ ᠲᠥᠷᠥᠯᠬᠢᠲᠡᠨ ᠤ ᠠᠵᠢᠯᠯᠠᠭ᠎ᠠ ᠠᠴᠠ ᠵᠠᠶᠢᠯᠠᠰᠬᠢᠵᠤ ᠴᠢᠳᠠᠭᠰᠡᠨ ᠢᠶᠠᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨ ᠤ | ᠰᠤᠳᠤᠯᠭᠠᠨ ᠳᠤ ᠨᠠᠷᠢᠨ ᠪᠣᠳᠠᠲᠠᠢ ᠲᠤᠭ᠎ᠠ ᠪᠠᠷᠢᠮᠲᠠ ᠶᠢ ᠬᠠᠩᠭᠠᠵᠠᠢ᠃ ᠡᠨᠡ ᠬᠦ ᠮᠡᠷᠭᠡᠵᠢᠯ ᠤᠨ ᠠᠷᠭ᠎ᠠ ᠪᠠᠷᠢᠯ ᠤᠨ ᠭᠦᠨᠵᠡᠭᠡᠢ ᠠᠭᠤᠰᠤᠯᠴᠠᠯ ᠨᠢ ᠠᠮᠢ ᠠᠬᠤᠢ ᠶᠢᠨ | ᠠᠶᠠᠨᠳᠠᠭᠠᠨ ᠤ ᠰᠠᠶᠢᠵᠢᠷᠠᠯᠳᠠ ᠶᠢ ᠠᠮᠢ ᠠᠬᠤᠢ ᠶᠢᠨ ᠬᠠᠮᠠᠭᠠᠯᠠᠯᠲᠠ ᠶᠢᠨ ︽ᠰᠠᠨᠠᠭᠠᠴᠢᠯᠠᠭᠠᠳᠤ ᠬᠠᠮᠢᠶᠠᠷᠤᠯᠳᠠ︾ ᠶᠢᠨ ᠠᠵᠢᠯᠯᠠᠭ᠎ᠠ ᠪᠤᠯᠭᠠᠵᠤ᠂ ᠮᠥᠬᠦᠬᠦ ᠰᠢᠬᠠᠭᠰᠠᠨ | ᠠᠮᠢᠳᠠᠨ ᠤᠷᠭᠤᠮᠠᠯ ᠤᠨ ᠬᠠᠮᠠᠭᠠᠯᠠᠯᠲᠠ ᠳᠤ ᠲᠤᠯᠢ ᠪᠣᠯᠬᠤᠶᠢᠴᠠ ᠳᠤᠷᠰᠢᠯᠭ᠎ᠠ ᠶᠢ ᠬᠠᠩᠭᠠᠭᠰᠠᠨ ᠨᠢ ᠢᠯᠡᠭᠡᠨ᠃ | ᠳᠠᠯᠠᠨ ᠬᠠᠷ᠎ᠠ ᠠᠭᠤᠯᠡᠨ ᠳᠤ ᠤᠷᠳᠤ ᠰᠡᠭᠦᠯᠳᠤ ᠪᠤᠭᠤ ᠶᠢ ᠨᠤᠳᠤᠭᠰᠢᠭᠤᠯᠵᠤ ᠪᠤᠶᠢᠵᠢᠭᠤᠯᠤᠭᠰᠠᠨ ᠨᠢ ᠠᠮᠢ ᠠᠬᠤᠢ ᠶᠢᠨ ᠰᠡᠷᠭᠦᠭᠡᠯᠳᠡ ᠬᠠᠮᠠᠭᠠᠯᠠᠯᠳᠠ ᠪᠣᠯᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠤ ᠠᠮᠵᠢᠯᠳᠠ ᠪᠦᠳᠤᠮᠵᠢ ᠪᠣᠯᠬᠤ ᠠᠵᠢ᠃ ᠬᠤᠶᠢᠰᠢᠳᠠ᠂ ᠡᠶᠢᠮᠦᠷᠭᠦᠦ ᠠᠮᠵᠢᠯᠳᠠ | ᠲᠤᠷᠰᠢᠯᠭ᠎ᠠ ᠶᠢ ᠨᠡᠩ ᠣᠯᠠᠨ ᠠᠮᠢ ᠠᠬᠤᠢ ᠶᠢᠨ ᠬᠠᠮᠠᠭᠠᠯᠠᠯᠳᠠ ᠶᠢᠨ ᠣᠷᠣᠨ ᠳᠤ ᠳᠡᠯᠭᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ | ᠠᠰᠢᠬᠯᠠᠨ ᠭᠡᠭᠡᠷ᠎ᠠ ᠶᠢᠨ ᠠᠮᠢᠳᠠᠨ ᠤᠷᠭᠤᠮᠠᠯ ᠢ ᠰᠠᠶᠢᠳᠤᠷ ᠬᠠᠮᠠᠭᠠᠯᠠᠵᠤ᠂ ᠠᠮᠢ ᠠᠬᠤᠢ ᠤᠷᠴᠢᠨ ᠲᠤᠭᠤᠷᠢᠨ ᠢᠶᠠᠨ ᠨᠡᠩ ᠰᠠᠶᠢᠵᠢᠷᠠᠭᠤᠯᠤᠨ᠂ ᠡᠭᠡ ᠪᠠᠶᠢᠭᠠᠯᠢ ᠪᠠᠨ ᠨᠠᠩ | ᠭᠤᠶᠤᠵᠢᠭᠤᠯᠤᠶᠠ︕ |