︽ᠰᠢᠨ᠎ᠠ︾ ᠪᠦᠯᠬᠦᠮ ᠨᠡᠶᠢᠲᠡ ᠠᠴᠠ ︽ᠰᠢᠨ᠎ᠡ︾ ᠬᠦᠴᠦᠨ ᠬᠦᠭᠵᠢᠨ᠎ᠡ
ᠨᠡᠶᠢᠲᠡᠯᠡᠭᠰᠡᠨ ᠴᠠᠭ᠄
2025/6/10
      ᠬᠦᠭᠵᠢᠶᠡᠨᠲᠦ ᠬᠤᠳᠠ ᠶᠢᠨ ᠨᠡᠶᠢᠭᠡᠮ ᠲᠤᠭᠤᠷᠢᠭ᠂ ᠵᠡᠭᠡᠯᠢ ᠭᠤᠳᠤᠮᠵᠢ᠂ ᠬᠤᠳᠠᠯᠳᠤᠭ᠎ᠠ ᠳᠡᠯᠭᠡᠭᠦᠷ ᠢᠶᠠᠷ ᠵᠠᠬᠢᠶᠠᠯᠠᠭ᠎ᠠ ᠶᠢᠨ ᠬᠤᠭᠤᠯᠠ ᠬᠦᠷᠭᠡᠭᠴᠢᠳ ᠨᠠᠭᠠᠰᠢ ᠴᠠᠭᠠᠰᠢ ᠰᠦᠯᠵᠢᠯᠳᠦᠨ᠎ᠡ᠃ ᠰᠢᠨ᠎ᠡ ᠠᠵᠢᠯ ᠣᠯᠭᠤᠯᠲᠠ ᠶᠢᠨ ᠬᠥᠮᠦᠰ ᠬᠤᠲᠠ ᠶᠢᠨ ᠰᠢᠯᠵᠢᠯᠲᠡ ᠶᠢᠨ ︽ᠰᠢᠨ᠎ᠡ ᠡᠰ︾ ᠪᠣᠯᠤᠭᠰᠠᠨ ᠤ ᠬᠤᠪᠢ ᠳᠤ᠂ ᠡᠳᠦᠷ ᠢᠷᠡᠬᠦᠶ᠎ᠡ ᠬᠤᠲᠠ ᠶᠢᠨ ᠬᠦᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠡᠨᠡ ᠬᠦ ᠬᠦᠴᠦᠨ ᠢ ᠪᠦᠲᠦᠮᠵᠢᠲᠡᠶ ᠨᠢᠭᠲᠠᠷᠠᠭᠤᠯᠵᠤ᠂ ᠬᠤᠲᠠ ᠶᠢᠨ ᠵᠠᠰᠠᠯᠲᠠ ᠳᠤ ᠠᠭᠤᠰᠤᠯᠴᠠᠭᠤᠯᠬᠤ ᠶᠢᠨ ᠵᠠᠩᠭᠢᠯᠠᠭ᠎ᠠ ᠨᠢ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠦ᠂ ᠰᠢᠨ᠎ᠡ ᠠᠵᠢᠯ ᠣᠯᠭᠤᠯᠲᠠ ᠶᠢᠨ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠥᠷᠲᠡᠭ ᠤᠨ ᠵᠢᠯᠣᠭᠤᠳᠤᠮᠵᠢ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠳᠤ ᠪᠤᠢ᠃       ︽ᠰᠢᠨ᠎ᠡ︾ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢ ᠪᠦᠷᠭᠦᠭᠦᠯᠬᠦ ᠬᠦᠴᠢᠷᠳᠡᠯ ᠢ ᠠᠷᠢᠯᠭᠠᠨ᠎ᠠ᠃ ︽ᠨᠢᠭᠤᠬᠳᠠᠮᠠᠯ︾ ᠨᠠᠮ ᠤᠨ ᠭᠡᠰᠢᠭᠦᠨ ᠢ ᠢᠯᠡᠷᠡᠭᠦᠯᠵᠦ᠂ ᠨᠠᠮ ᠤᠨ ᠭᠡᠰᠢᠭᠦᠨ ᠤ ᠬᠠᠷᠢᠶᠠᠯᠠᠬᠳᠠᠬᠤ ᠰᠡᠳᠭᠢᠯᠭᠡ ᠶᠢ ᠴᠢᠩᠭᠠᠳᠬᠠᠵᠦ᠂ ᠬᠦᠴᠢᠷᠳᠡᠯ ᠢ ᠨᠢ ᠪᠦᠲᠦᠮᠵᠢᠲᠡᠢ ᠰᠶᠢᠳᠪᠦᠷᠢᠯᠡᠨ᠂ ᠵᠤᠬᠢᠶᠠᠨ ᠪᠠᠶᠢᠭᠤᠯᠤᠯᠲᠠ ᠶᠢᠨ ᠲᠣᠣᠷ ᠢ ᠤᠷᠲᠤᠳᠬᠠᠨ᠂ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠤᠬᠢᠷᠠᠭᠤᠯᠤᠨ ᠬᠦᠷᠭᠡᠬᠦ ᠦᠷᠲᠡᠭᠡ ᠴᠡᠭ ᠵᠡᠷᠭᠡ ᠬᠥᠮᠦᠰ ᠴᠤᠭᠯᠠᠷᠠᠭᠰᠠᠨ ᠭᠠᠵᠠᠷ ᠲᠤ ᠦᠢᠯᠡᠴᠢᠯᠡᠭᠡ ᠶᠢᠨ ︽ᠤᠯᠠᠭ᠎ᠠ ᠦᠷᠲᠡᠭᠡ︾᠂ ︽ᠬᠤᠪᠢᠰᠬᠠᠯᠲᠤ ᠬᠠᠩᠭᠠᠯᠭ᠎ᠠ ᠶᠢᠨ ᠦᠷᠲᠡᠭᠡ︾ ᠵᠡᠷᠭᠡ ᠶᠢ ᠪᠠᠶᠢᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠬᠥᠳᠡᠯᠮᠦᠷᠢᠴᠢᠳ ᠤᠨ ᠳᠡᠷᠭᠡᠳᠡ ᠬᠦᠷᠭᠡᠨ᠎ᠡ᠃ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ︽ᠡᠭᠦᠯᠡᠨ ᠨᠠᠮ ᠤᠨ ᠡᠭᠦᠷ︾᠂ ᠨᠡᠭᠦᠳᠡᠯ ᠨᠠᠮ ᠤᠨ ᠭᠡᠰᠢᠭᠦᠨ ᠤ ᠬᠤᠯᠪᠣᠭ᠎ᠠ ᠠᠪᠬᠤ ᠲᠣᠭᠲᠠᠴᠠ ᠵᠡᠷᠭᠡ ᠶᠢ ᠰᠦᠪᠡᠭᠴᠢᠯᠡᠵᠦ᠂ ︽ᠨᠢᠭᠤᠭᠳᠠᠮᠠᠯ︾ ᠨᠠᠮ ᠤᠨ ᠭᠡᠰᠢᠭᠦᠨ ᠨᠢᠭᠡᠪᠦᠷᠢ ᠳᠤ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠬᠦᠷᠳᠡᠭᠡᠨ᠎ᠡ᠃ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢ ᠦᠨᠡᠨ ᠬᠦ ᠪᠡᠶᠡᠯᠡᠭᠦᠯᠪᠡᠯ ᠨᠠᠮ ᠤᠨ ᠨᠢᠭᠲᠠᠷᠠᠯ ᠨᠡᠩ ᠪᠠᠲᠤ ᠪᠠᠬᠢ ᠰᠠᠭᠤᠷᠢ ᠲᠠᠢ ᠪᠤᠯᠵᠤ ᠴᠢᠳᠠᠨ᠎ᠠ᠃       ︽ᠰᠢᠨ᠎ᠡ︾ ᠪᠦᠯᠬᠦᠮ ᠨᠡᠶᠢᠲᠡ ᠳᠤ ᠡᠨᠧᠷᠭᠢ ᠣᠯᠭᠤᠵᠤ ᠡᠨᠧᠷᠭᠢ ᠨᠡᠮᠡᠭᠳᠡᠭᠦᠯᠦᠨ᠎ᠡ᠃ ᠰᠢᠨ᠎ᠡ ᠠᠵᠢᠯ ᠣᠯᠭᠤᠯᠲᠠ ᠶᠢᠨ ᠪᠦᠯᠬᠦᠮ ᠨᠡᠶᠢᠲᠡ ᠨᠢ ᠦᠢᠯᠡᠴᠢᠯᠡᠭᠡ ᠬᠠᠩᠭᠠᠭᠴᠢ ᠪᠣᠯᠬᠤ ᠪᠠᠷ ᠪᠠᠷᠠᠬᠤ ᠥᠬᠡᠶ ᠨᠠᠩ ᠴᠤ ᠬᠤᠲᠠ ᠶᠢᠨ ᠵᠠᠰᠠᠯᠲᠠ ᠶᠢᠨ ︽ᠰᠢᠯᠵᠢᠮᠡᠯ ᠬᠠᠶᠢᠭᠤᠷ︾ ᠪᠣᠯᠵᠦ ᠪᠠᠶᠢᠳᠠᠭ᠃ ᠵᠢᠱᠢᠶᠡᠯᠡᠪᠡᠯ ᠬᠠᠩᠵᠧᠦ ᠬᠤᠳᠠ ︽ᠬᠤᠰᠢᠭᠤᠴᠢ ᠬᠦᠷᠭᠡᠭᠴᠢ︾ ᠶᠢᠨ ᠲᠣᠭᠲᠠᠴᠠ ᠶᠢ ᠰᠦᠪᠡᠭᠴᠢᠯᠡᠵᠦ᠂ ᠨᠠᠮ ᠤᠨ ᠭᠡᠰᠢᠭᠦᠨ ᠬᠦᠷᠭᠡᠭᠴᠢ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠨ ᠰᠡᠷᠡᠮᠵᠢᠯᠡᠭᠦᠯᠬᠦ᠂ ᠨᠡᠶᠢᠭᠡᠮ ᠤᠨ ᠪᠠᠶᠢᠳᠠᠯ ᠢ ᠤᠯᠠᠮᠵᠢᠯᠠᠨ ᠲᠠᠮᠵᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠪᠡ᠃ ᠪᠡᠭᠡᠵᠢᠩ ᠬᠤᠳᠠ ᠶᠢᠨ ᠵᠠᠷᠢᠮ ᠨᠡᠶᠢᠭᠡᠮ ᠲᠣᠭᠤᠷᠢᠭ ᠰᠢᠯᠢᠳᠡᠭ ᠲᠦᠷᠭᠡᠨ ᠬᠦᠷᠭᠡᠭᠴᠢ ᠶᠢ ᠤᠷᠢᠵᠤ ︽ᠨᠡᠶᠢᠭᠡᠮ ᠲᠣᠭᠤᠷᠢᠭ ᠤᠨ ᠬᠠᠮᠢᠶᠠᠷᠤᠭᠴᠢ︾ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠭᠤᠯᠵᠤ᠂ ᠰᠦᠯᠵᠢᠶᠡᠨ ᠤ ᠵᠠᠰᠠᠯᠲᠠ ᠳᠤ ᠣᠷᠣᠯᠴᠠᠭᠤᠯᠵᠤ ᠪᠤᠢ᠃ ᠡᠲᠡᠭᠡᠷ ᠬᠠᠶᠢᠨ ᠰᠥᠪᠡᠭᠴᠢᠯᠡᠯᠲᠡ ᠨᠢ ᠰᠢᠨ᠎ᠡ ᠠᠵᠢᠯ ᠣᠯᠭᠤᠯᠲᠠ ᠶᠢᠨ ᠬᠦᠮᠦᠰ ᠲᠤ ᠪᠡᠶ᠎ᠡ ᠶᠢᠨ ᠬᠢᠷᠢ ᠬᠡᠮ ᠪᠠ ᠨᠡᠶᠢᠭᠡᠮ ᠤᠨ ᠵᠠᠰᠠᠯᠲᠠ ᠳᠤ ᠣᠷᠣᠯᠴᠠᠬᠤ ᠠᠷᠭ᠎ᠠ ᠵᠠᠮ ᠣᠯᠭᠤᠵᠦ᠂ ᠵᠡᠭᠡᠯᠢ ᠭᠤᠳᠤᠮᠵᠢ ᠠᠰᠠᠷ ᠲᠠᠭᠲᠤ ᠶᠢᠨ ᠬᠤᠭᠤᠷᠣᠨᠳᠣᠬᠢ ︽ᠪᠢᠴᠢᠯ ᠣᠷᠴᠢᠯ︾ ᠢ ᠬᠤᠲᠠ ᠶᠢᠨ ᠵᠠᠰᠠᠯᠲᠠ ᠶᠢᠨ ︽ᠶᠡᠭᠡ ᠣᠷᠴᠢᠯ︾ ᠪᠣᠯᠭᠠᠨ ᠬᠤᠪᠢᠷᠠᠭᠤᠯᠵᠤ ᠪᠠᠶᠢᠭ᠎ᠠ ᠶᠢ ᠠᠮᠢᠳᠤᠯᠢᠭ ᠢᠶᠠᠷ ᠭᠡᠷᠡᠴᠢᠯᠡᠪᠡ᠃       ᠵᠠᠰᠠᠯᠲᠠ ᠶᠢᠨ ᠬᠠᠮᠲᠤ ᠶᠢᠨ ᠴᠣᠭᠴᠠ ᠶᠢᠨ ︽ᠰᠢᠨ᠎ᠡ︾ ᠬᠦᠴᠦᠨ ᠢ ᠬᠥᠭᠵᠢᠭᠡᠨ᠎ᠡ᠃ ᠰᠢᠨ᠎ᠡ ᠠᠵᠢᠯ ᠣᠯᠭᠤᠯᠲᠠ ᠶᠢᠨ ᠬᠥᠮᠦᠰ ᠬᠤᠲᠠ ᠶᠢᠨ ᠡᠳᠦᠷ ᠲᠤᠲᠤᠮ ᠤᠨ ᠠᠮᠢᠳᠤᠷᠠᠯ ᠳᠤ ᠭᠦᠨ ᠰᠢᠭᠢᠳᠴᠦ᠂ ᠲᠡᠭᠦᠨ ᠤ ᠥᠪᠡᠷᠮᠢᠴᠡ ᠳᠠᠪᠠᠭᠤᠯᠢᠭ ᠲᠠᠯ᠎ᠠ ᠨᠢ ᠶᠠᠭ ︽ᠠᠷᠠᠳ ᠲᠦᠮᠡᠨ ᠠᠴᠠ ᠢᠷᠡᠯᠲᠡ ᠲᠠᠢ᠂ ᠠᠷᠠᠳ ᠲᠦᠮᠡᠨ ᠲᠠᠢ ᠣᠶᠢᠷᠠᠳᠤᠬᠤ︾ ᠶᠠᠪᠤᠳᠠᠯ ᠪᠣᠯᠤᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯ ᠡᠭᠦᠷᠭᠡ ᠪᠣᠯ ᠳᠠᠷᠤᠶ ᠲᠡᠭᠦᠨ ᠤ ᠲᠥᠷᠥᠯᠬᠢ ᠠᠪᠢᠶᠠᠰ ᠴᠢᠳᠠᠪᠤᠷᠢ ᠶᠢ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠡᠳᠡᠭᠡᠷ ᠬᠦᠮᠦᠰ ᠢ ᠨᠡᠶᠢᠭᠡᠮ ᠲᠣᠭᠤᠷᠢᠭ ᠤᠨ ᠢᠲᠡᠭᠡᠯ ᠲᠠᠢ ᠬᠦᠮᠦᠰ ᠪᠣᠯᠭᠠᠬᠤ ᠶᠠᠪᠤᠳᠠᠯ ᠪᠣᠯᠤᠨ᠎ᠠ᠃ ᠲᠠᠳᠠ ᠤᠯᠠ ᠮᠥᠷ ᠢᠶᠠᠷ ᠢᠶᠠᠨ ᠲᠣᠭᠠᠴᠢᠯᠠᠬᠰᠠᠨ ᠴᠠᠭ ᠦᠶ᠎ᠡ ᠶᠢᠨ ᠵᠡᠭᠡᠯᠢ ᠭᠤᠳᠤᠮᠵᠢ ᠶᠢᠨ ᠲᠤᠤᠷ ᠢ ᠪᠠᠲᠤ ᠰᠦᠯᠵᠢᠵᠦ᠂ ᠬᠤᠲᠠ ᠶᠢᠨ ᠵᠠᠰᠠᠯᠲᠠ ᠳᠤ ᠤᠷᠢᠳ ᠡᠮᠦᠨ᠎ᠡ ᠪᠠᠶᠢᠭ᠎ᠠ ᠥᠬᠡᠶ ᠮᠡᠳᠡᠷᠡᠮᠵᠢ ᠶᠢᠨ ᠥᠷᠭᠡᠴᠡ ᠪᠠ ᠲᠤᠰᠬᠠᠯ ᠤᠨ ᠬᠤᠷᠳᠤᠴᠠ ᠶᠢ ᠠᠪᠴᠢᠷᠠᠵᠤ ᠦᠭᠴᠤ ᠪᠤᠢ᠃       ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠭ᠎ᠠ ᠳᠤᠤᠷ᠎ᠡ ᠰᠢᠨ᠎ᠡ ᠠᠵᠢᠯ ᠣᠯᠭᠤᠯᠲᠠ ᠶᠢᠨ ᠬᠥᠮᠦᠰ ᠨᠢ ᠳᠠᠩ ᠭᠠᠭᠴᠠ ᠪᠣᠳᠠᠭᠠᠯᠢ ᠪᠡᠶ᠎ᠡ ᠳᠡᠳᠦᠢ ᠪᠢᠰᠢ᠂ ᠬᠠᠷᠢᠨ ᠬᠤᠲᠠ ᠶᠢᠨ ᠣᠷᠭᠠᠨᠢᠭ ᠴᠣᠭᠴᠠ ᠶᠢᠨ ᠳᠣᠲᠣᠷᠠᠬᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠢᠳᠡᠪᠬᠢ ᠡᠰ ᠪᠣᠯᠵᠣ᠂ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠠᠴᠠ ᠬᠠᠷᠢᠶᠠᠯᠠᠬᠳᠠᠬᠤ ᠲᠦᠷᠦᠭᠳᠡᠯ ᠣᠯᠵᠤ᠂ ᠦᠢᠯᠡᠳᠦᠯ ᠢᠶᠠᠨ ᠪᠠᠳᠠᠷᠠᠭᠤᠯᠬᠤ ᠳᠤᠮᠳᠠ ᠨᠡᠷ᠎ᠡ ᠬᠦᠨᠳᠦ ᠣᠯᠵᠤ᠂ ᠵᠠᠰᠠᠯᠲᠠ ᠳᠤ ᠣᠷᠣᠯᠴᠠᠬᠤ ᠲᠤᠮᠳᠠ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ