6 ᠰᠠᠷ᠎ᠠ ᠶᠢᠨ 10 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ ᠰᠦᠯᠵᠢᠶᠡᠨ ᠤ ᠠᠮᠤᠷ ᠲᠦᠪᠰᠢᠨ ᠤ ᠮᠡᠳᠡᠭᠡ ᠵᠠᠩᠭᠢ ᠶᠢᠨ ᠪᠣᠯᠪᠠᠰᠤᠷᠠᠯ ᠤᠨ ᠬᠤᠷᠠᠯ | ᠥᠷᠨᠢᠭᠦᠯᠵᠦ᠂ ᠺᠠᠳ᠋ᠷ ᠠᠵᠢᠯᠲᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠤᠯᠠᠮ ᠴᠢᠨᠠᠭᠰᠢᠳᠠ ᠪᠠᠬᠢᠵᠢᠭᠦᠯᠪᠡ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠶᠢᠨ 60 ᠭᠠᠷᠤᠶ ᠬᠥᠮᠦᠨ | ᠪᠣᠯᠪᠠᠰᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠤᠰᠬᠠᠶ ᠮᠡᠷᠭᠡᠵᠢᠯ ᠤᠨ ᠠᠵᠢᠯᠲᠠᠨ ︽ᠰᠦᠯᠵᠢᠶᠡᠨ ᠤ ᠠᠮᠤᠷ ᠲᠦᠪᠰᠢᠨ ᠤ ᠰᠠᠭᠤᠷᠢ︾ ᠪᠠᠷ ᠭᠤᠤᠯ ᠰᠡᠳᠦᠪ ᠪᠣᠯᠭᠠᠵᠤ᠂ ᠣᠶᠢᠷ᠎ᠠ ᠶᠢᠨ | ᠬᠤᠭᠤᠴᠠᠭᠠᠨ ᠳᠤ ᠳᠠᠬᠢᠨ ᠳᠠᠪᠲᠠᠨ ᠡᠭᠦᠰᠦᠭᠰᠡᠨ ᠰᠦᠯᠵᠢᠶᠡᠨ ᠤ ᠠᠮᠤᠷ ᠲᠦᠪᠰᠢᠨ ᠤ ᠬᠡᠷᠡᠭ ᠢᠶᠠᠷ ᠭᠠᠷᠳᠠᠬᠤ ᠴᠡᠭ ᠪᠣᠯᠭᠠᠵᠤ᠂ ᠠᠵᠢᠯᠲᠠᠳ ᠤᠨ ᠡᠳᠦᠷ | ᠲᠤᠲᠤᠮ ᠤᠨ ᠠᠵᠢᠯ ᠳᠤᠮᠳᠠ ᠠᠮᠠᠷᠬᠠᠨ ᠲᠣᠬᠢᠶᠠᠯᠳᠤᠬᠤ ᠸᠢᠷᠦ᠋ᠰ ᠢ ᠰᠡᠷᠭᠡᠶᠢᠯᠡᠬᠦ᠂ ᠲᠤᠭ᠎ᠠ ᠪᠠᠷᠢᠮᠲᠠ ᠶᠢ ᠵᠠᠳᠠᠷᠠᠭᠤᠯᠬᠤ᠂ ᠠᠯᠤᠰ ᠠᠴᠠ ᠡᠵᠡᠮᠰᠢᠬᠦ ᠵᠥᠭᠡᠯᠡᠨ | ᠲᠣᠨᠤᠭ ᠢ ᠬᠡᠷᠡᠭᠯᠡᠬᠦ ᠵᠡᠷᠭᠡ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢᠨ ᠲᠣᠭᠤᠷᠢᠨ ᠳᠤ ᠪᠥᠬᠦ ᠲᠠᠯ᠎ᠠ ᠪᠠᠷ ᠨᠠᠷᠢᠨ ᠨᠢᠮᠪᠠᠶ ᠵᠠᠳᠠᠯᠤᠨ ᠰᠢᠨᠵᠢᠯᠡᠪᠡ᠃ | ᠲᠣᠰ ᠤᠳᠠᠭᠠᠨ ᠤ ᠪᠣᠯᠪᠠᠰᠤᠷᠠᠯ ᠨᠢ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ ᠠᠵᠢᠯᠲᠠᠳ ᠤᠨ ᠰᠦᠯᠵᠢᠶᠡᠨ ᠤ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ | ᠂ ᠰᠢᠨ᠎ᠡ ᠴᠠᠭ ᠦᠶ᠎ᠡ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ᠂ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠪᠣᠯᠪᠠᠰᠤᠷᠠᠯ ᠳᠤ ᠣᠷᠣᠯᠴᠠᠭᠰᠠᠳ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠵᠢᠷᠤᠮᠯᠠᠨ᠂ ᠲᠣᠭᠲᠠᠭᠰᠠᠨ ᠬᠤᠭᠤᠴᠠᠭ᠎ᠠ ᠲᠠᠢ ᠪᠠᠷ | ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠤᠨ ᠪᠣᠳᠠᠲᠤ ᠦᠷ᠎ᠡ | ᠪᠦᠲᠦᠮᠵᠢ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ | ᠬᠠᠮᠲᠤᠪᠠᠷ ᠠᠬᠢᠭᠤᠯᠤᠨ᠎ᠠ ᠭᠡᠵᠦ ᠢᠯᠡᠳᠬᠡᠵᠡᠭᠡᠪᠡ᠃ | | | |