ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠲᠤᠤᠱᠯᠠᠭᠤᠯᠤᠨ ᠨᠠᠢᠳᠠᠪᠤᠷᠢᠵᠢᠭᠤᠯᠵᠤ᠂ ᠳᠦᠷᠢᠮ ᠠᠴᠠ ᠵᠥᠷᠢᠴᠡᠨ | ᠢᠳᠡᠵᠦ ᠤᠤᠭᠤᠬᠤ ᠠᠰᠠᠭᠤᠳᠠᠯ ᠢ ᠡᠷᠡᠰ ᠬᠤᠷᠢᠭᠯᠠᠨ᠂ ᠲᠥᠪ ᠴᠢᠬᠡᠴᠢ ᠤᠯᠤᠰ ᠲᠥᠷᠥ ᠶᠢᠨ ᠠᠮᠢ ᠠᠬᠤᠢ ᠶᠢ ᠪᠣᠢ ᠪᠣᠯᠭᠠᠬᠤ ᠶᠢᠨ ᠲᠥᠯᠥᠭᠡ᠂ 6 ᠰᠠᠷ᠎ᠠ ᠶᠢᠨ | 10 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ | ᠤᠳᠤᠷᠢᠳᠬᠤ ᠳᠤᠭᠤᠢᠯᠠᠩ ᠤᠨ ᠱᠦᠵᠢ ᠬᠤᠷᠠᠯ ᠡᠷᠬᠢᠯᠡᠵᠦ᠂ ᠪᠦᠬᠦ ᠺᠠᠳ᠋ᠷ ᠠᠵᠢᠯᠲᠠᠳ ᠬᠤᠷᠠᠯ ᠳᠤ ᠣᠷᠣᠯᠴᠠᠪᠠ᠃ | | | | ᠬᠤᠷᠠᠯ ᠠᠴᠠ᠂ ︽ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠠᠵᠢᠯ ᠤᠨ ᠲᠣᠪᠴᠢ ᠮᠡᠳᠡᠭᠡ︾᠂ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾᠂ ︽ᠨᠠᠮ | ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠬᠦ ᠶᠢ ᠡᠰᠡᠷᠭᠦᠴᠡᠬᠦ ᠲᠦᠷᠢᠮ︾᠂ ︽ᠾᠧᠪᠸᠢ ᠮᠤᠵᠢ ᠶᠢᠨ ᠰᠠᠨ ᠾᠧ ᠬᠤᠳᠠ ᠶᠢᠨ ᠬᠤᠳᠠ ᠶᠢᠨ | ᠬᠠᠮᠢᠶᠠᠷᠤᠯᠲᠠ ᠳᠤᠮᠳᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠮᠡᠳᠡᠭᠡᠯᠡᠯ︾ ᠵᠡᠷᠭᠡ ᠶᠢ ᠤᠯᠠᠮᠵᠢᠯᠠᠨ ᠰᠤᠷᠤᠯᠴᠠᠭᠰᠠᠨ ᠪᠥᠭᠡᠳ ᠤᠢᠢᠷ᠎ᠠ ᠶᠢᠨ ᠬᠤᠭᠤᠴᠠᠭᠠᠨ ᠳᠤ | ᠲᠤᠪᠴᠢᠶ᠎ᠠ ᠳᠤ ᠢᠯᠡᠷᠡᠭᠦᠯᠦᠭᠰᠡᠨ ᠠᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠰᠠᠭᠤᠳᠠᠯ ᠢ ᠵᠠᠷᠯᠠᠨ ᠮᠡᠳᠡᠭᠳᠡᠵᠦ᠂ ᠰᠠᠬᠢᠯᠭ᠎ᠠ ᠪᠠᠲᠤ ᠶᠢᠨ ᠬᠤᠷᠢᠭ᠎ᠠ | ᠱᠤᠭᠤᠮ ᠢ ᠴᠢᠩᠭ᠎ᠠ ᠰᠠᠬᠢᠵᠤ᠂ ᠠᠳᠠᠯᠢ ᠲᠦᠷᠦᠯ ᠤᠨ ᠠᠰᠠᠭᠤᠳᠠᠯ ᠡᠭᠦᠰᠬᠦ ᠶᠢ ᠡᠷᠡᠰ ᠬᠤᠷᠢᠭᠯᠠᠪᠠ᠃ | | | | ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠬᠤᠶᠠᠷ ᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠲᠤᠪᠤᠶᠢᠮ᠎ᠠ | ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ ᠳᠡᠯᠭᠡᠬᠦ ᠬᠡᠷᠡᠭᠲᠡᠢ᠃ ᠭᠤᠷᠪᠠ ᠳᠤ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠰᠤᠷᠤᠯᠴᠠᠯᠭ᠎ᠠ | ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ︽ᠲᠦᠷᠪᠡᠨ | ᠰᠤᠷᠲᠠᠯ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠰᠢᠯᠢᠳᠡᠭ ᠰᠤᠷᠲᠠᠯ ᠢᠶᠠᠷ ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠤᠰᠤᠨ | ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠃ | | |