ᠰᠤᠷᠲᠠᠯ ᠤᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ | ᠂ 6 ᠰᠠᠷ᠎ᠠ ᠶᠢᠨ 10 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ | ᠵᠥᠪᠯᠡᠯ ᠤᠨ ᠪᠠᠶᠢᠭᠤᠯᠭ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾᠂ ᠲᠥᠪ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠣᠶᠢᠷ᠎ᠠ ᠶᠢᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠲᠤᠬᠠᠶ ᠰᠢᠷᠢᠰ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠾᠧᠪᠸᠢ ᠮᠤᠵᠢ ᠶᠢᠨ ᠰᠠᠨ ᠾᠧ ᠬᠤᠲᠠ ᠶᠢᠨ ᠬᠤᠲᠠ ᠶᠢᠨ ᠬᠠᠮᠢᠶᠠᠷᠤᠯᠲᠠ | ᠳᠤᠮᠳᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ︾ ᠵᠡᠷᠭᠡ ᠠᠭᠤᠯᠭ᠎ᠠ ᠶᠢ ᠵᠠᠷᠯᠠᠨ ᠮᠡᠳᠡᠭᠳᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | | ᠬᠤᠷᠠᠯ ᠠᠴᠠ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠤᠱᠯᠠᠭᠤᠯᠬᠤ ᠪᠣᠯ ᠨᠢᠭᠡᠨ | ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠨᠢᠭᠡᠴᠡ ᠶᠢᠨ ᠬᠢᠨ ᠬᠠᠷᠠᠯᠲᠠ ᠱᠠᠭᠠᠷᠳᠠᠯᠭ᠎ᠠ ᠶᠢ ᠴᠢᠩᠭ᠎ᠠ | ᠠᠩᠬᠠᠷᠴᠤ᠂ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠪᠠ ᠶᠠᠰᠤ ᠴᠢᠨᠠᠷ ᠢᠶᠠᠷ ᠤᠳᠤᠷᠢᠳᠤᠮᠵᠢ ᠪᠣᠯᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠴᠢᠭᠯᠡᠯ ᠣᠨᠣᠪᠴᠢᠲᠠᠢ᠂ ᠠᠯᠬᠤᠭ᠎ᠠ ᠲᠣᠭᠲᠠᠭᠤᠨ᠂ | ᠨᠠᠶᠢᠳᠠᠪᠤᠷᠢᠵᠢᠭᠤᠯᠤᠯᠲᠠ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠵᠣᠷᠪᠣᠰ | ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠶᠠᠪᠤᠯᠴᠠᠭ᠎ᠠ ᠶᠢᠨ ᠬᠡᠪ ᠲᠦᠷᠢᠮ ᠢᠶᠠᠨ ᠠᠯᠳᠠᠭᠰᠠᠨ᠂ | ᠠᠷᠢᠭᠤᠨ ᠴᠢᠬᠡᠴᠢ ᠪᠠᠷ ᠪᠡᠶ᠎ᠡ ᠪᠠᠨ ᠠᠯᠳᠠᠭᠰᠠᠨ᠂ ᠤᠯᠠᠨ ᠲᠦᠮᠡᠨ ᠢ ᠦᠯᠦ ᠣᠶᠢᠰᠢᠶᠠᠬᠤ᠂ ᠰᠤᠷᠲᠠᠯ ᠢᠯᠵᠠᠷᠠᠯ ᠰᠣᠯᠪᠢᠴᠠᠭᠰᠠᠨ ᠵᠡᠷᠭᠡ ᠠᠰᠠᠭᠤᠳᠠᠯ ᠳᠤ | ᠴᠢᠭᠯᠡᠭᠦᠯᠦᠨ ᠥᠪᠡᠷ ᠢ ᠪᠠᠨ ᠲᠥᠪ ᠭᠤᠣᠯᠴᠢ ᠪᠠᠶᠢᠵᠤ᠂ ᠨᠠᠮ ᠤᠨ ᠭᠡᠰᠢᠭᠦᠨ ᠺᠠᠳ᠋ᠷ ᠠᠵᠢᠯᠲᠠᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠢᠰᠢᠷᠡᠨ | ᠵᠢᠷᠦᠬᠡᠰᠢᠶᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠨᠢ ᠰᠠᠬᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ | ᠠᠬᠢᠭᠤᠯᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠬᠤᠷᠢᠭᠯᠠᠵᠤ᠂ ᠨᠡᠩ ᠥᠨᠳᠥᠷ ᠵᠣᠭᠰᠣᠴᠠ ᠪᠠᠷ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ | ᠲᠥᠪᠯᠡᠷᠡᠭᠦᠯᠦᠨ ᠴᠡᠭᠴᠡᠯᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠭᠠᠵᠢᠭᠤ ᠰᠤᠷᠲᠠᠯ ᠢ ᠡᠷᠡᠰ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠢᠳᠡᠪᠬᠢᠲᠡᠢ ᠪᠤᠢ ᠪᠣᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠲᠣᠰ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠨᠢ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠲᠥᠪ ᠤᠨ ᠨᠠᠢᠮᠠᠨ ᠵᠣᠷᠪᠣᠰ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠷᠭᠦᠯᠵᠢᠯᠡᠨ ᠬᠦᠴᠦᠯᠡᠵᠦ᠂ ᠪᠥᠬᠦ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢᠨ | ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠨ᠎ᠠ᠃ | | |