ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠰᠤᠷᠲᠠᠯ ᠤᠨ ᠪᠠᠢᠭᠤᠯᠤᠯᠲᠠ ᠶᠢ ᠦᠷᠭᠦᠯᠵᠢᠯᠡᠨ ᠭᠦᠨᠵᠡᠭᠡᠢᠷᠡᠭᠦᠯᠬᠦ ᠶᠢᠨ ᠲᠥᠯᠥᠭᠡ᠂ 6 ᠰᠠᠷ᠎ᠠ ᠶᠢᠨ 10 ᠤ ᠡᠳᠦᠷ᠂ ᠬᠤᠰᠢᠭᠤᠨ ᠤ ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ︽ᠰᠡᠷᠡᠮᠵᠢᠯᠡᠭᠦᠯᠬᠦ ᠬᠥᠮᠦᠵᠢᠯ + ᠱᠦᠵᠢ ᠨᠠᠮ ᠤᠨ ᠬᠢᠴᠢᠶᠡᠯ ᠣᠷᠣᠬᠤ︾ ᠬᠡᠯᠪᠡᠷᠢ ᠪᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠲᠣᠪᠴᠢᠶᠠᠨ ᠤ ᠤᠳᠤᠷᠢᠳᠬᠤ ᠪᠠᠭ ᠤᠨ | ᠪᠦᠷᠢᠯᠳᠦᠬᠦᠨ ᠵᠢᠴᠢ ᠪᠦᠬᠦ ᠨᠠᠮ ᠤᠨ ᠭᠡᠰᠢᠭᠦᠳ ᠣᠷᠣᠯᠴᠠᠪᠠ᠃ | | | | | ᠪᠦᠬᠦ ᠨᠠᠮ ᠤᠨ ᠭᠡᠰᠢᠭᠦᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠪᠡ᠃ | ᠹᠢᠯᠢᠮ ᠳᠤ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠡᠰᠡᠭ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠰᠤᠯᠠᠷᠠᠭᠰᠠᠨ᠂ ᠰᠠᠬᠢᠯᠭ᠎ᠠ ᠪᠠᠲᠤ ᠶᠢᠨ | ᠤᠬᠠᠮᠰᠠᠷ ᠳᠣᠷᠣᠭᠰᠢᠯᠠᠭᠰᠠᠨ ᠠᠴᠠ ᠪᠣᠯᠵᠣ ᠠᠭᠠᠵᠢᠮ ᠢᠶᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠠᠴᠠ ᠲᠡᠷᠰᠯᠡᠵᠦ᠂ ᠡᠴᠦᠰ ᠲᠡᠭᠡᠨ | ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠭᠦᠨ ᠵᠤᠵᠠᠭᠠᠨ ᠪᠥᠬᠦ ᠶᠠᠪᠤᠴᠠ ᠳᠤ ᠤᠷᠤᠭᠰᠠᠨ ᠪᠠᠶᠢᠨ᠎ᠠ᠃ ᠲᠣᠭᠲᠠᠭᠠᠯ ᠠᠴᠠ ᠵᠥᠷᠢᠴᠡᠨ ᠪᠡᠯᠡᠭ ᠤᠨ ᠡᠳ᠋ | ᠵᠣᠭᠤᠰ ᠮᠥᠩᠭᠦ᠂ ᠲᠣᠭᠲᠠᠭᠠᠯ ᠠᠴᠠ ᠵᠥᠷᠢᠴᠡᠨ ᠠᠯᠪᠠᠨ ᠤ ᠵᠣᠭᠤᠰ ᠢᠶᠠᠷ ᠢᠳᠡᠵᠦ ᠤᠤᠭᠤᠬᠤ᠂ ᠲᠤᠰᠢᠶᠠᠯ ᠤᠨ ᠳᠥᠭᠦᠮ ᠢᠶᠠᠨ ᠠᠰᠢᠭᠯᠠᠨ ᠬᠤᠪᠢ ᠶᠢᠨ ᠠᠰᠢᠭ | ᠤᠯᠬᠤ ᠬᠦᠷᠲᠡᠯ᠎ᠡ᠂ ᠡᠳᠡᠭᠡᠷ ᠬᠡᠷᠡᠭ ᠤᠨ ᠵᠢᠱᠢᠶ᠎ᠡ ᠨᠢ ᠪᠦᠬᠦ ᠨᠠᠮ ᠤᠨ ᠭᠡᠰᠢᠭᠦᠳ ᠲᠤ ᠴᠢᠩᠭ᠎ᠠ ᠬᠦᠴᠦᠲᠡᠢ ᠬᠠᠷᠠᠭᠠᠨ ᠰᠡᠷᠡᠯ ᠤᠨ ᠳᠠᠭᠠᠷᠢᠯᠲᠠ ᠥᠭᠭᠦᠭᠰᠡᠨ ᠪᠠ | ᠤᠶᠤᠨ ᠰᠠᠨᠠᠭ᠎ᠠ ᠶᠢ ᠨᠢ ᠳᠣᠯᠭᠢᠰᠤᠭᠤᠯᠵᠤ᠂ ᠤᠯᠠᠨ ᠳᠤ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠬᠦᠨᠳᠦ ᠨᠣᠴᠢᠲᠠᠢ ᠦᠷ᠎ᠡ | ᠳ᠋ᠦᠩ ᠢ ᠭᠦᠨᠵᠡᠭᠡᠢ ᠲᠠᠨᠢᠭᠤᠯᠵᠤ᠂ ᠬᠡᠷᠡᠭ ᠢᠶᠠᠷ ᠰᠡᠷᠡᠮᠵᠢᠯᠡᠬᠦᠯᠬᠦ᠂ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ ᠦᠢᠯᠡᠳᠦᠯ ᠢ ᠦᠨᠡᠨᠬᠦ ᠦᠵᠡᠭᠦᠯᠦᠭᠰᠡᠨ | ᠪᠠᠶᠢᠨ᠎ᠠ᠃ | | | | | ᠰᠡᠷᠡᠮᠵᠢᠯᠡᠭᠦᠯᠬᠦ ᠬᠥᠮᠦᠵᠢᠯ ᠳᠠᠭᠤᠰᠤᠭᠰᠠᠨ ᠤ ᠳᠠᠷᠠᠭ᠎ᠠ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ︽ᠲᠥᠪ ᠤᠨ ᠨᠠᠢᠮᠠᠨ | ᠵᠣᠷᠪᠣᠰ ᠲᠣᠭᠲᠠᠭᠠᠯ ᠢ ᠴᠢᠩᠭ᠎ᠠ ᠰᠠᠬᠢᠵᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︾ ᠭᠡᠬᠦ ᠰᠡᠳᠦᠪ ᠢᠶᠠᠷ ᠪᠥᠬᠦ ᠨᠠᠮ ᠤᠨ | ᠭᠡᠰᠢᠭᠦᠳ ᠲᠤ ᠠᠮᠢᠳᠤᠯᠢᠭ ᠪᠥᠭᠡᠳ ᠭᠦᠨᠵᠡᠭᠡᠶ ᠨᠠᠮ ᠤᠨ ᠬᠢᠴᠢᠶᠡᠯ ᠣᠷᠣᠪᠠ᠃ ᠨᠠᠮ ᠤᠨ ᠡᠭᠦᠷ ᠤᠨ ᠱᠦᠵᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠲᠤᠯᠤᠭᠠᠨ ᠵᠦᠢᠯ ᠤᠨ ᠪᠠᠶᠢᠳᠠᠯ ᠤᠨ ᠲᠣᠭᠤᠷᠢᠨ ᠳᠤ᠂ ᠣᠶᠢᠷ᠎ᠠ ᠶᠢᠨ ᠵᠢᠯ ᠳᠤ ᠡᠭᠦᠰᠦᠭᠰᠡᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠳᠣᠬᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠪᠠ | ᠥᠷᠢᠰᠥᠯᠳᠦᠭᠡᠨ ᠢ ᠭᠦᠨᠵᠡᠭᠡᠶ ᠵᠠᠳᠠᠯᠪᠠ᠃ ᠲᠡᠷᠡ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠪᠣᠯ ᠨᠢᠭᠡ ᠤᠳᠠᠭᠠᠨ ᠤ ᠰᠤᠷᠲᠠᠯ ᠪᠢᠰᠢ᠂ | ᠬᠠᠷᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠲᠠᠭᠤ ᠶᠣᠰᠣ ᠳᠦᠷᠢᠮ᠂ ᠬᠠᠲᠠᠭᠤ ᠪᠠᠷᠢᠮᠵᠢᠶ᠎ᠠ ᠮᠥᠨ᠂ ᠪᠥᠬᠦ ᠨᠠᠮ ᠤᠨ ᠭᠡᠰᠢᠭᠦᠨ ᠺᠠᠳ᠋ᠷᠴᠤᠳ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ | ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ | | | | ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠭᠦᠨ ᠬᠥᠮᠦᠵᠢᠯ ᠪᠠ ᠰᠡᠩᠬᠡᠷᠡᠭᠦᠯᠦᠯ ᠣᠯᠪᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠪᠠᠷ | ᠠᠵᠠ ᠲᠣᠬᠢᠶᠠᠯ ᠪᠣᠯᠭᠠᠵᠤ᠂ ᠨᠠᠮ ᠤᠨ ᠵᠣᠷᠢᠯᠲᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠵᠢᠷᠤᠮᠯᠠᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠡᠩ ᠯᠠᠪᠳᠠᠭᠤᠨ | ᠪᠠᠲᠤᠲᠠᠢ ᠠᠵᠢᠯ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | |