ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠩᠭᠦᠶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/11
      ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠲᠤᠤᠱᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 10 ᠤ ᠡᠳᠦᠷ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠡᠷᠭᠢᠯᠡᠵᠦ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠴᠢ ᠪᠥᠬᠦ ᠺᠠᠳ᠋ᠷ ᠠᠵᠢᠯᠲᠠᠨ ᠣᠷᠣᠯᠴᠠᠪᠠ᠃
6.11工商联.jpg
      ᠬᠤᠷᠠᠯ ᠳᠡᠭᠡᠷ᠎ᠡ᠂ ︽ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ︾᠂ ᠱᠢ ᠲᠠᠢ ᠹᠧᠩ ᠨᠥᠬᠦᠷ ᠤᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠪ ᠤᠨ ᠵᠢᠯᠣᠭᠤᠳᠬᠤ ᠳᠤᠭᠤᠶᠢᠯᠠᠩ ᠤᠨ ᠪᠣᠯᠪᠠᠰᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠪᠦᠬᠦ ᠺᠠᠳ᠋ᠷ ᠠᠵᠢᠯᠲᠠᠳ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠠᠵᠢᠯᠯᠠᠭᠠᠨ ᠤ ᠵᠦᠭᠯᠡᠭᠦᠷ ᠪᠣᠯᠭᠠᠵᠤ᠂ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ︔ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠶᠡᠭᠡ ᠡᠷᠴᠢᠮ ᠢᠶᠠᠷ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠠᠬᠢᠭᠤᠯᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠮᠡᠳᠡᠮᠡᠭᠴᠡ ᠥᠭᠡᠷᠡᠴᠢᠯᠡᠬᠦ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠬᠤ᠂ ᠦᠨᠡᠨᠬᠦ ᠰᠠᠶᠢᠵᠢᠷᠠᠭᠤᠯᠵᠤ ᠪᠣᠳᠠᠲᠠᠢ ᠥᠭᠡᠷᠡᠴᠢᠯᠡᠵᠦ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠤᠬᠠᠮᠰᠠᠷ ᠠᠴᠠ ᠪᠠᠨ ᠴᠢᠩᠭ᠎ᠠ ᠰᠠᠬᠢᠵᠤ᠂ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠷᠴᠢᠮ ᠢ ᠴᠢᠩᠭ᠎ᠠ ᠵᠢᠷᠤᠮᠯᠠᠨ᠂ ᠲᠡᠰ ᠳᠠᠷᠠᠭᠠᠯᠠᠯ ᠶᠣᠰᠣᠭᠠᠷ᠂ ᠡᠷᠬᠡ ᠶᠢᠨ ᠬᠢᠵᠠᠭᠠᠷ ᠶᠣᠰᠣᠭᠠᠷ ᠠᠵᠢᠯᠯᠠᠬᠤ ᠬᠡᠷᠡᠭᠲᠡᠢ︔ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠠᠵᠢᠯ ᠳᠤᠮᠳᠠ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ