ᠪᠦᠯᠬᠦᠮᠳᠡᠯ ᠬᠠᠮᠲᠤᠷᠠᠯᠴᠠᠭ᠎ᠠ ᠪᠠᠷ ᠡᠮᠦᠨᠡᠲᠦ ᠲᠠᠩᠭᠢᠰ ᠤᠨ ᠲᠣᠭᠲᠠᠭᠤᠨ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠰᠤᠭᠠᠢ
ᠨᠡᠶᠢᠲᠡᠯᠡᠭᠰᠡᠨ ᠴᠠᠭ᠄
2025/6/11
      ᠰᠢᠨᠬᠤᠸᠠ ᠬᠤᠷᠢᠶ᠎ᠠ ᠶᠢᠨ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ 8 ᠤ ᠡᠳᠦᠷ ᠪᠡᠭᠡᠵᠢᠩ ᠳᠤ ︽ᠳᠤᠮᠳᠠᠳᠤ ᠤᠯᠤᠰ ᠡᠮᠦᠨᠡᠲᠦ ᠲᠠᠩᠭᠢᠰ ᠢ ᠡᠩᠬᠡ ᠲᠠᠶᠢᠪᠤᠩ᠂ ᠨᠥᠬᠦᠷᠯᠡᠯ᠂ ᠬᠠᠮᠲᠤᠷᠠᠯᠴᠠᠭᠠᠨ ᠤ ᠲᠠᠩᠭᠢᠰ ᠪᠣᠯᠭᠠᠬᠤ ᠦᠢᠯᠡᠳᠦᠯᠭᠡ︾ ᠭᠡᠬᠦ ᠤᠶᠤᠨ ᠤ ᠬᠥᠮᠥᠷᠭᠡ ᠶᠢᠨ ᠮᠡᠳᠡᠭᠦᠯᠦᠯᠲᠡ ᠶᠢ ᠨᠡᠶᠢᠲᠡᠯᠡᠪᠡ᠃ ᠮᠡᠳᠡᠭᠦᠯᠦᠯᠲᠡ ᠳᠤ ᠳᠤᠮᠳᠠᠳᠤ ᠤᠯᠤᠰ ᠤᠨ ᠣᠯᠠᠨ ᠵᠢᠯ ᠤᠨ ᠲᠤᠷᠰᠢᠬᠢ ᠡᠮᠦᠨᠡᠲᠦ ᠲᠠᠩᠭᠢᠰ ᠤᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠬᠤ᠂ ᠭᠠᠵᠠᠷ ᠣᠷᠣᠨ ᠤ ᠬᠥᠭᠵᠢᠯ ᠴᠡᠴᠡᠭᠯᠡᠯ ᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠡᠮᠬᠢᠳᠭᠡᠵᠦ᠂ ᠳᠤᠮᠳᠠᠳᠤ ᠤᠯᠤᠰ ᠤᠨ ᠡᠨᠡ ᠬᠦ ᠶᠠᠪᠤᠴᠠ ᠳᠤ ᠵᠢᠷᠤᠮᠯᠠᠭᠰᠠᠨ ᠣᠶᠢᠯᠠᠭᠠᠭᠳᠠᠬᠤᠨ ᠪᠠ ᠵᠠᠷᠴᠢᠮ ᠢ ᠳ᠋ᠦᠩᠨᠡᠵᠦ᠂ ᠪᠦᠯᠬᠦᠮᠳᠡᠨ ᠬᠠᠮᠲᠤᠷᠠᠯᠴᠠᠬᠤ ᠪᠠᠷ ᠳᠠᠮᠵᠢᠭᠤᠯᠤᠨ ᠡᠮᠦᠨᠡᠲᠦ ᠲᠠᠩᠭᠢᠰ ᠢ ᠡᠩᠬᠡ ᠲᠠᠶᠢᠪᠤᠩ ᠤᠨ ᠲᠠᠩᠭᠢᠰ᠂ ᠨᠥᠬᠦᠷᠯᠡᠯ ᠤᠨ ᠲᠠᠩᠭᠢᠰ᠂ ᠬᠠᠮᠲᠤᠷᠠᠯᠴᠠᠭᠠᠨ ᠤ ᠲᠠᠩᠭᠢᠰ ᠪᠣᠯᠭᠠᠨ ᠪᠥᠲᠥᠭᠡᠨ ᠪᠠᠶᠢᠭᠤᠯᠤᠨ᠎ᠠ᠃       ᠳᠤᠮᠳᠠᠳᠤ ᠤᠯᠤᠰ ᠡᠮᠦᠨᠡᠲᠦ ᠲᠠᠩᠭᠢᠰ ᠤᠨ ᠣᠯᠠᠨ ᠠᠷᠠᠯ ᠤᠨ ᠡᠷᠬᠡ ᠮᠡᠳᠡᠯ ᠪᠠ ᠡᠮᠦᠨᠡᠲᠦ ᠲᠠᠩᠭᠢᠰ ᠤᠨ ᠬᠠᠮᠢᠶ᠎ᠠ ᠪᠥᠬᠦᠶ ᠡᠷᠬᠡ ᠠᠰᠢᠭ ᠲᠤ ᠭᠦᠢᠴᠡᠳ ᠲᠡᠦᠬᠡ ᠪᠠ ᠬᠠᠤᠯᠢ ᠵᠦᠶ ᠶᠢᠨ ᠦᠨᠳᠦᠰᠦᠯᠡᠯ ᠲᠠᠢ ᠶᠤᠮ᠂ ᠭᠡᠪᠡᠴᠦ ᠣᠶᠢᠷ᠎ᠠ ᠶᠢᠨ ᠵᠢᠯ ᠤᠳ ᠲᠤ᠂ ᠣᠨᠴᠠ ᠵᠠᠷᠢᠮ ᠤᠯᠤᠰ ᠬᠢᠯᠢ ᠶᠢᠨ ᠭᠠᠳᠠᠨᠠᠬᠢ ᠬᠦᠴᠦᠨ ᠤ ᠥᠳᠥᠭᠡᠯᠭᠡ ᠳᠤᠤᠷ᠎ᠠ ᠪᠠᠶᠢᠨ ᠳᠠᠬᠢᠨ ᠬᠡᠷᠡᠭ ᠥᠳᠥᠭᠡᠵᠦ᠂ ᠡᠮᠦᠨᠡᠲᠦ ᠲᠠᠩᠭᠢᠰ ᠲᠤ ᠣᠯᠠᠨ ᠤᠳᠠᠭ᠎ᠠ ᠰᠠᠯᠬᠢᠨ ᠶᠡᠭᠡ ᠳᠠᠪᠠᠯᠭᠠᠨ ᠰᠢᠷᠦᠭᠦᠨ ᠪᠠᠶᠢᠳᠠᠯ ᠢ ᠪᠣᠶ ᠪᠣᠯᠭᠠᠵᠠᠶ᠃       ᠡᠩᠬᠡ ᠲᠠᠶᠢᠪᠤᠩ ᠪᠣᠯ ᠬᠥᠭᠵᠢᠯᠲᠡ ᠶᠢᠨ ᠵᠠᠶᠢᠯᠠᠰᠢ ᠦᠭᠡᠢ ᠨᠥᠬᠦᠴᠡᠯ ᠮᠥᠨ᠂ ᠡᠩᠬᠡ ᠲᠠᠶᠢᠪᠤᠩ ᠦᠭᠡᠢ ᠪᠣᠯ ᠬᠥᠭᠵᠢᠬᠦ ᠶᠢᠨ ᠠᠷᠭ᠎ᠠ ᠦᠭᠡᠢ ᠶᠤᠮ᠃ ᠡᠮᠦᠨᠡᠲᠦ ᠲᠠᠩᠭᠢᠰ ᠲᠤ ᠳᠠᠶᠢᠨ ᠰᠠᠮᠠᠭᠤᠷᠠᠯ ᠡᠭᠦᠰᠬᠦ ᠨᠢ ᠭᠠᠵᠠᠷ ᠣᠷᠣᠨ ᠤ ᠤᠯᠤᠰ ᠤᠨ ᠦᠨᠳᠦᠰᠦᠨ ᠠᠰᠢᠭ ᠲᠤᠰᠠ ᠪᠠ ᠠᠯᠤᠰ ᠬᠡᠲᠦ ᠶᠢᠨ ᠠᠰᠢᠭ ᠲᠤᠰᠠ ᠳᠤ ᠨᠡᠶᠢᠴᠡᠬᠦ ᠦᠭᠡᠢ ᠶᠤᠮ᠃ ᠧᠦ᠋ᠷᠣᠫᠠ ᠶᠢᠨ ᠦᠺᠷᠠᠶᠢᠨ ᠤ ᠬᠢᠮᠤᠷᠠᠯ ᠠᠴᠠ ᠳᠤᠮᠳᠠᠳᠤ ᠳᠣᠷᠣᠨᠠᠲᠤ ᠶᠢᠨ ᠫᠠᠯᠤᠰᠲ᠋ᠠᠶᠢᠨ ᠢᠰᠷᠧᠯ ᠤᠨ ᠮᠥᠷᠭᠦᠯᠳᠦᠭᠡᠨ ᠬᠦᠷᠲᠡᠯ᠎ᠡ᠂ ᠬᠡᠷᠪᠡ ᠳᠠᠶᠢᠨ ᠮᠥᠷᠭᠦᠯᠳᠦᠭᠡᠨ ᠡᠭᠦᠰᠪᠡᠯ᠂ ᠪᠠᠶᠢᠭ᠎ᠠ ᠭᠠᠵᠠᠷ ᠣᠷᠣᠨ ᠤ ᠤᠯᠤᠰ ᠤᠳ ᠴᠥᠮ ᠳᠠᠭᠠᠷᠢᠯᠲᠠ ᠳᠤ ᠤᠴᠠᠷᠠᠬᠤ ᠪᠣᠯᠤᠨ᠎ᠠ ᠭᠡᠳᠡᠭ ᠢ ᠪᠣᠳᠠᠲᠤ ᠶᠠᠪᠤᠳᠠᠯ ᠭᠡᠷᠡᠴᠢᠯᠡᠪᠡ᠃ ᠲᠣᠰ ᠭᠠᠵᠠᠷ ᠣᠷᠣᠨ ᠤ ᠬᠡᠰᠡᠭ ᠤᠯᠤᠰ ᠡᠮᠦᠨᠡᠲᠦ ᠲᠠᠩᠭᠢᠰ ᠤᠨ ᠠᠰᠠᠭᠤᠳᠠᠯ ᠳᠡᠭᠡᠷ᠎ᠡ ᠵᠥᠷᠢᠴᠡᠯ ᠣᠷᠣᠰᠢᠵᠤ ᠪᠠᠶᠢᠬᠤ ᠨᠢ ᠠᠶᠤᠮᠰᠢᠭᠲᠠᠶ ᠶᠠᠪᠤᠳᠠᠯ ᠪᠢᠰᠢ᠂ ᠵᠠᠩᠭᠢᠯᠠᠭ᠎ᠠ ᠨᠢ ᠲᠡᠭᠦᠨ ᠢ ᠰᠠᠶᠢᠲᠤᠷ ᠬᠠᠮᠢᠶᠠᠷᠤᠨ ᠡᠵᠡᠮᠳᠡᠵᠦ᠂ ᠡᠭᠦᠨ ᠠᠴᠠ ᠪᠤᠯᠵᠤ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠪᠠ ᠠᠵᠤ ᠠᠬᠤᠶ ᠶᠢᠨ ᠬᠥᠭᠵᠢᠯᠲᠡ ᠶᠢ ᠨᠥᠯᠥᠭᠡᠯᠡᠵᠦ ᠪᠣᠯᠬᠤ ᠥᠬᠡᠶ᠃ ᠡᠶᠢᠮᠦ ᠠᠴᠠ᠂ ᠭᠠᠵᠠᠷ ᠣᠷᠣᠨ ᠤ ᠤᠯᠤᠰ ᠤᠳ ᠶᠡᠭᠡ ᠲᠠᠯ᠎ᠠ ᠶᠢ ᠴᠢᠬᠤᠯᠠᠴᠢᠯᠠᠨ᠂ ᠬᠤᠭᠤᠷᠣᠨᠳᠣᠬᠢ ᠨᠡᠪᠲᠡᠷᠡᠯᠴᠡᠭᠡ ᠵᠣᠬᠢᠴᠠᠭᠤᠯᠭ᠎ᠠ ᠪᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠯᠠᠢ ᠳᠡᠭᠡᠷᠡᠬᠢ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠡᠩᠬᠡ ᠲᠠᠶᠢᠪᠤᠩ ᠲᠣᠭᠲᠠᠭᠤᠨ ᠪᠠᠶᠢᠳᠠᠯ ᠭᠡᠬᠦ ᠡᠨᠡ ᠬᠦ ᠲᠤᠰ ᠭᠠᠵᠠᠷ ᠣᠷᠣᠨ ᠤ ᠪᠤᠢ ᠪᠦᠬᠦᠢ ᠤᠯᠤᠰ ᠤᠨ ᠬᠠᠮᠤᠭ ᠤᠨ ᠦᠨᠳᠦᠰᠦᠨ ᠬᠠᠮᠲᠤ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ᠃       ᠳᠠᠯᠠᠢ ᠳᠡᠭᠡᠷᠡᠬᠢ ᠵᠥᠷᠢᠯᠳᠦᠭᠡᠨ ᠢ ᠰᠠᠶᠢᠲᠤᠷ ᠬᠠᠮᠢᠶᠠᠷᠤᠨ ᠡᠵᠡᠮᠳᠡᠶ᠎ᠡ ᠭᠡᠪᠡᠯ ᠡᠷᠬᠡᠪᠰᠢ ᠬᠡᠯᠡᠯᠴᠡᠭᠡ ᠬᠢᠵᠦ ᠵᠥᠪᠳᠡᠯᠴᠡᠬᠦ ᠪᠠᠷ ᠳᠠᠮᠵᠢᠨ ᠮᠠᠷᠭᠤᠯᠳᠤᠭᠠᠨ ᠢ ᠰᠶᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠂ ᠤᠴᠢᠷ ᠨᠢ ᠵᠡᠪᠰᠡᠭᠲᠦ ᠬᠦᠴᠦᠨ ᠢᠶᠠᠷ ᠡᠰᠡᠷᠭᠦᠴᠡᠯᠳᠦᠪᠡᠯ ᠪᠠᠴᠢᠮ ᠪᠠᠶᠢᠳᠠᠯ ᠢ ᠨᠡᠮᠡᠭᠳᠡᠭᠦᠯᠬᠦ ᠠᠴᠠ ᠪᠢᠰᠢ ᠳᠠᠯᠠᠢ ᠳᠡᠭᠡᠷᠡᠬᠢ ᠮᠠᠷᠭᠤᠯᠳᠤᠭᠠᠨ ᠢ ᠰᠶᠢᠳᠪᠦᠷᠢᠯᠡᠬᠦ ᠳᠤ ᠲᠤᠰᠠ ᠪᠣᠯᠬᠤ ᠦᠭᠡᠢ ᠶᠤᠮ︔ ᠡᠷᠬᠡᠪᠰᠢ ᠳᠦᠷᠢᠮ ᠲᠣᠭᠲᠡᠴᠡ ᠪᠠᠷ ᠳᠠᠮᠵᠢᠭᠤᠯᠤᠨ ᠵᠥᠷᠢᠯᠳᠦᠭᠡᠨ ᠢ ᠬᠠᠮᠢᠶᠠᠷᠤᠨ ᠡᠵᠡᠮᠳᠡᠬᠦ ᠶᠢ ᠪᠠᠷᠢᠮᠲᠠᠯᠠᠬᠤ ᠬᠡᠷᠡᠭᠲᠡᠢ᠂ ᠤᠴᠢᠷ ᠨᠢ ᠭᠠᠭᠴᠠ ᠬᠦ ᠡᠯ᠎ᠡ ᠲᠠᠯ᠎ᠠ ᠶᠢᠨ ᠬᠢᠨ ᠴᠥᠮ ᠳᠤᠷᠠᠲᠠᠶ᠎ᠠ ᠬᠦᠯᠢᠶᠡᠨ ᠠᠪᠬᠤ ᠪᠠ ᠬᠠᠮᠲᠤ ᠪᠠᠷ ᠵᠢᠷᠤᠮᠯᠠᠬᠤ ᠳᠦᠷᠢᠮ ᠢ ᠲᠣᠭᠲᠠᠭᠠᠪᠠᠯ ᠰᠠᠶ᠋ᠢ ᠦᠨᠡᠨ ᠬᠤᠳᠠᠯ ᠵᠥᠪ ᠪᠤᠷᠤᠭᠤ ᠶᠢ ᠲᠣᠳᠣᠷᠬᠠᠶᠢᠯᠠᠵᠤ᠂ ᠵᠥᠷᠢᠴᠡᠯ ᠢ ᠬᠤᠷᠴᠠᠳᠬᠠᠵᠤ ᠮᠡᠳᠡᠬᠦ ᠦᠢᠯᠡ ᠠᠵᠢᠯᠯᠠᠭ᠎ᠠ ᠶᠢ ᠪᠦᠲᠦᠮᠵᠢᠲᠡᠢ ᠬᠢᠵᠠᠭᠠᠷᠯᠠᠵᠤ ᠴᠢᠳᠠᠨ᠎ᠠ︔ ᠡᠷᠬᠡᠪᠰᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠷ ᠳᠠᠮᠵᠢᠭᠤᠯᠤᠨ ᠬᠠᠮᠲᠤ ᠪᠠᠷ ᠠᠰᠢᠭ ᠬᠥᠷᠳᠡᠬᠦ ᠶᠢ ᠪᠡᠶᠡᠯᠡᠭᠦᠯᠬᠦ ᠶᠢ ᠪᠠᠷᠢᠮᠲᠠᠯᠠᠬᠤ ᠬᠡᠷᠡᠭᠲᠡᠢ᠂ ᠤᠴᠢᠷ ᠨᠢ ᠲᠠᠯᠠᠢ ᠳᠡᠭᠡᠷᠡᠬᠢ ᠮᠠᠷᠭᠤᠯᠳᠤᠭᠠᠨ ᠪᠣᠯ ᠭᠠᠵᠠᠷ ᠣᠷᠣᠨ ᠤ ᠤᠯᠤᠰ ᠤᠳ ᠤᠨ ᠬᠤᠭᠤᠷᠣᠨᠳᠣᠬᠢ ᠬᠠᠷᠢᠯᠴᠠᠭᠠᠨ ᠤ ᠪᠦᠬᠦ ᠲᠠᠯ᠎ᠠ ᠪᠢᠰᠢ᠂ ᠡᠯ᠎ᠡ ᠲᠠᠯ᠎ᠠ ᠶᠢᠨ ᠬᠢᠨ ᠴᠥᠮ ᠠᠰᠢᠭ ᠬᠥᠷᠳᠡᠬᠦ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠬᠡᠳᠦᠢ ᠥᠷᠨᠢᠭᠦᠯᠬᠦ ᠲᠤᠳᠤᠮ ᠭᠠᠵᠠᠷ ᠣᠷᠣᠨ ᠤ ᠤᠯᠤᠰ ᠤᠳ ᠤᠨ ᠬᠤᠭᠤᠷᠣᠨᠳᠣᠬᠢ ᠬᠠᠷᠢᠯᠴᠠᠭᠠᠨ ᠳᠠᠬᠢ ᠲᠠᠯᠠᠢ ᠳᠡᠭᠡᠷᠡᠬᠢ ᠵᠥᠷᠢᠯᠳᠦᠭᠡᠨ ᠤ ᠬᠤᠪᠢ ᠶᠢᠨ ᠵᠢᠩ ᠢ ᠲᠡᠳᠦᠢ ᠪᠠᠭᠤᠷᠠᠭᠤᠯᠵᠤ᠂ ᠨᠡᠩ ᠤᠯᠠᠨ ᠰᠠᠶᠢᠨ ᠰᠠᠨᠠᠭ᠎ᠠ ᠪᠠ ᠢᠲᠡᠭᠡᠯᠴᠡᠭᠡ ᠶᠢ ᠬᠤᠷᠠᠮᠳᠤᠭᠤᠯᠵᠤ ᠴᠢᠳᠠᠨ᠎ᠠ︔ ᠡᠶᠢᠮᠦ ᠠᠴᠠ ᠡᠷᠬᠡᠪᠰᠢ ᠬᠢᠯᠢ ᠶᠢᠨ ᠭᠠᠳᠠᠨᠠᠬᠢ ᠬᠦᠴᠦᠨ ᠤ ᠭᠠᠷ ᠲᠦᠷᠦᠭᠦ ᠶᠢ ᠡᠰᠡᠷᠭᠦᠴᠡᠬᠦ ᠬᠡᠷᠡᠭᠲᠡᠢ᠂ ᠤᠴᠢᠷ ᠨᠢ ᠬᠢᠯᠢ ᠶᠢᠨ ᠭᠠᠳᠠᠨᠠᠬᠢ ᠬᠦᠴᠦᠨ ᠪᠣᠯ ᠬᠤᠪᠢ ᠶᠢᠨ ᠠᠰᠢᠭ ᠲᠤᠰᠠ ᠠᠴᠠ ᠪᠠᠨ ᠪᠣᠯᠵᠤ ᠭᠠᠵᠠᠷ ᠣᠷᠣᠨ ᠤ ᠤᠯᠤᠰ ᠤᠳ ᠤᠨ ᠬᠤᠭᠤᠷᠣᠨᠳᠣᠬᠢ ᠬᠠᠷᠢᠯᠴᠠᠭ᠎ᠠ ᠶᠢ ᠬᠠᠳᠬᠤᠨ ᠵᠠᠪᠰᠠᠷᠳᠠᠭᠤᠯᠵᠤ᠂ ᠡᠮᠦᠨᠡᠲᠦ ᠲᠠᠩᠭᠢᠰ ᠤᠨ ᠪᠠᠶᠢᠳᠠᠯ ᠪᠤᠳᠤᠯᠢᠶᠠᠨᠲᠠᠢ ᠪᠣᠯᠤᠭᠰᠠᠨ ᠤ ᠬᠥᠰᠢᠭᠡ ᠶᠢᠨ ᠠᠷᠤ ᠳᠠᠬᠢ ᠲᠦᠯᠬᠢᠭᠴᠢ ᠮᠥᠨ᠃       ᠡᠳᠡᠭᠡᠷ ᠪᠣᠯ ᠴᠥᠮ ᠳᠤᠮᠳᠠᠳᠤ ᠤᠯᠤᠰ ᠡᠮᠦᠨᠡᠲᠦ ᠲᠠᠩᠭᠢᠰ ᠤᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠬᠤ᠂ ᠭᠠᠵᠠᠷ ᠣᠷᠣᠨ ᠤ ᠬᠥᠭᠵᠢᠯ ᠴᠡᠴᠡᠭᠯᠡᠯ ᠢ ᠠᠬᠢᠭᠤᠯᠬᠤ ᠶᠡᠭᠡ ᠲᠠᠯ᠎ᠠ ᠠᠴᠠ ᠡᠭᠦᠰᠴᠦ ᠵᠢᠷᠤᠮᠯᠠᠭᠰᠠᠨ ᠣᠶᠢᠯᠠᠭᠠᠭᠳᠠᠬᠤᠨ ᠪᠠ ᠵᠠᠷᠴᠢᠮ ᠪᠣᠯᠤᠨ᠎ᠠ᠃ ᠳᠤᠮᠳᠠᠳᠤ ᠤᠯᠤᠰ ᠢᠩᠭᠢᠵᠦ ᠪᠤᠳᠤᠬᠰᠠᠨ ᠪᠥᠭᠡᠳ ᠢᠩᠭᠢᠵᠦ ᠬᠢᠭᠰᠡᠨ ᠶᠤᠮ᠃ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠳ ᠲᠠᠢ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾ ᠲᠤ ᠭᠠᠷ ᠤᠨ ᠦᠰᠦᠭ ᠵᠢᠷᠤᠵᠤ᠂ ᠣᠳᠣᠬᠠᠨ ᠳᠤ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢᠨ ᠵᠥᠪᠳᠡᠯᠴᠡᠭᠡ ᠶᠢ ᠢᠳᠡᠪᠬᠢᠲᠡᠢ ᠠᠬᠢᠭᠤᠯᠵᠤ ᠪᠠᠶᠢᠨ᠎ᠠ︔ ᠳᠤᠮᠳᠠᠳᠤ ᠤᠯᠤᠰ ᠪᠣᠯᠤᠨ ᠸᠢᠶᠧᠲᠨᠠᠮ ᠬᠡᠯᠡᠯᠴᠡᠭᠡ ᠬᠢᠬᠦ ᠪᠠᠷ ᠳᠠᠮᠵᠢᠨ ᠤᠮᠠᠷᠠᠲᠤ ᠪᠤᠯᠤᠩ ᠳᠤ ᠬᠢᠯᠢ ᠶᠢᠨ ᠵᠠᠭᠠᠭ ᠲᠣᠭᠲᠠᠭᠠᠵᠤ᠂ ᠳᠠᠪᠬᠤᠴᠠᠭᠰᠠᠨ ᠲᠡᠯᠡᠶ ᠶᠢᠨ ᠣᠷᠣᠨ ᠳᠤ ᠬᠠᠮᠲᠤ ᠪᠠᠷ ᠨᠡᠭᠡᠭᠡᠨ ᠠᠰᠢᠭᠯᠠᠬᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠵᠤ ᠪᠠᠶᠢᠭ᠎ᠠ ᠬᠤᠯᠪᠣᠭᠳᠠᠯ ᠪᠥᠬᠦᠶ ᠤᠯᠤᠰ ᠲᠠᠢ ᠣᠯᠠᠨ ᠤᠳᠠᠭ᠎ᠠ ᠵᠥᠪᠳᠡᠯᠴᠡᠭᠰᠡᠨ ᠪᠥᠭᠡᠳ ᠬᠡᠯᠡᠯᠴᠡᠭᠡᠷ ᠲᠣᠭᠲᠠᠵᠤ ᠥᠩᠭᠡᠷᠡᠵᠡᠶ︔ ᠳᠤᠮᠳᠠᠳᠤ ᠤᠯᠤᠰ ᠭᠠᠵᠠᠷ ᠣᠷᠣᠨ ᠤ ᠤᠯᠤᠰ ᠤᠳ ᠲᠤ ᠲᠠᠯᠠᠢ ᠶᠢᠨ ᠢᠰᠭᠡᠷᠦᠯᠳᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠵᠡᠷᠭᠡ ᠤᠯᠠᠨ ᠨᠡᠶᠢᠲᠡ ᠶᠢᠨ ᠦᠢᠯᠡᠳᠬᠦᠨ ᠬᠠᠩᠭᠠᠵᠤ᠂ ᠭᠠᠵᠠᠷ ᠣᠷᠣᠨ ᠤ ᠤᠯᠤᠰ ᠤᠳ ᠲᠠᠢ ᠲᠠᠯᠠᠢ ᠳᠡᠭᠡᠷᠡᠬᠢ ᠬᠠᠮᠲᠤᠷᠠᠯᠴᠠᠭ᠎ᠠ ᠥᠷᠨᠢᠭᠦᠯᠪᠡ᠂ ᠡᠭᠦᠨ ᠳᠤ ᠸᠢᠶᠤᠲᠨᠠᠮ ᠯᠤᠭ᠎ᠠ ᠤᠮᠠᠷᠠᠲᠤ ᠪᠤᠯᠤᠩ ᠳᠤ ᠬᠠᠮᠲᠤᠷᠠᠨ ᠴᠠᠭᠳᠠᠨ ᠲᠣᠭᠤᠷᠢᠬᠤ᠂ ᠹᠢᠯᠢᠫᠢᠨ ᠲᠠᠢ ᠲᠠᠯᠠᠢ ᠳᠡᠭᠡᠷᠡᠬᠢ ᠴᠠᠭᠳᠠᠭ᠎ᠠ ᠶᠢᠨ ᠬᠠᠮᠲᠤᠷᠠᠯᠴᠠᠭᠠᠨ ᠤ ᠬᠠᠮᠲᠤᠷᠠᠭᠰᠠᠨ ᠵᠥᠪᠯᠡᠯ ᠪᠠᠶᠢᠭᠤᠯᠬᠤ ᠵᠡᠷᠭᠡ ᠪᠠᠭᠲᠠᠨ᠎ᠠ︔ ᠳᠠᠯᠠᠢ ᠲᠠᠩᠭᠢᠰ ᠤᠨ ᠬᠦᠷᠢᠶᠡᠨ ᠠᠴᠠ ᠭᠠᠳᠠᠨ᠎ᠠ᠂ ᠳᠤᠮᠳᠠᠳᠤ ᠤᠯᠤᠰ ᠭᠠᠵᠠᠷ ᠣᠷᠣᠨ ᠤ ᠤᠯᠤᠰ ᠤᠳ ᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠨ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ ᠣᠷᠣᠨ ᠢ ᠪᠠᠶᠢᠭᠤᠯᠵᠤ᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ︵RCEP︶ ᠵᠡᠷᠭᠡ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠪᠠ ᠬᠡᠷᠡᠭᠵᠢᠭᠦᠯᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠤᠯᠤᠰ ᠤᠳ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠲᠤᠰᠠ ᠬᠦᠷᠲᠡᠭᠡᠪᠡ ᠁       ᠡᠳᠡᠭᠡᠷ ᠨᠢ ᠴᠥᠮ ᠳᠤᠮᠳᠠᠳᠤ ᠤᠯᠤᠰ ᠪᠣᠯᠤᠨ ᠭᠠᠵᠠᠷ ᠣᠷᠣᠨ ᠤ ᠤᠯᠤᠰ ᠤᠳ ᠤᠨ ᠨᠥᠬᠦᠷᠰᠡᠭ ᠪᠠᠶᠢᠬᠤ᠂ ᠪᠦᠯᠬᠦᠮᠳᠡᠯ ᠲᠠᠢ ᠪᠠᠶᠢᠬᠤ᠂ ᠬᠠᠮᠲᠤᠷᠠᠨ ᠠᠵᠢᠯᠯᠠᠬᠤ ᠬᠦᠰᠡᠯ ᠡᠷᠡᠮᠡᠯᠵᠡᠯ ᠢ ᠭᠦᠢᠴᠡᠳ ᠬᠠᠷᠠᠭᠤᠯᠵᠤ ᠪᠠᠶᠢᠨ᠎ᠠ᠃ ᠭᠠᠵᠠᠷ ᠣᠷᠣᠨ ᠤ ᠤᠯᠤᠰ ᠤᠳ ᠳᠤᠮᠳᠠᠳᠤ ᠤᠯᠤᠰ ᠲᠠᠢ ᠢᠵᠢᠯ ᠴᠢᠭᠯᠡᠯ ᠢᠶᠠᠷ ᠤᠷᠤᠭᠰᠢᠯᠠᠵᠤ᠂ ᠡᠮᠦᠨᠡᠲᠦ ᠲᠠᠩᠭᠢᠰ ᠢ ᠡᠩᠬᠡ ᠲᠠᠶᠢᠪᠤᠩ ᠤᠨ ᠲᠠᠩᠭᠢᠰ᠂ ᠨᠥᠬᠦᠷᠯᠡᠯ ᠤᠨ ᠲᠠᠩᠭᠢᠰ᠂ ᠬᠠᠮᠲᠤᠷᠠᠯᠴᠠᠭᠠᠨ ᠤ ᠲᠠᠩᠭᠢᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 8 ᠤ ᠴᠠᠬᠢᠯᠭᠠᠨ ᠮᠡᠳᠡᠭᠡ︶ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ