ᠳᠠᠮᠵᠢᠭᠤᠯᠵᠤ ᠠᠩᠬᠠᠷᠤᠭᠤᠯᠬᠤ ᠰᠠᠨᠠᠭᠤᠯᠤᠮᠵᠢ︕ 2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠴᠠᠭ
ᠨᠡᠶᠢᠲᠡᠯᠡᠭᠰᠡᠨ ᠴᠠᠭ᠄
2025/6/11
     ᠥᠩᠭᠡᠷᠡᠭᠰᠡᠨ ᠵᠢᠯ ᠤᠳ ᠤᠨ ᠵᠤᠷᠰᠢᠯ ᠢᠶᠠᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠴᠠᠭ ᠪᠣᠯ 6 ᠳ᠋ᠤᠭᠠᠷ ᠰᠠᠷ᠎ᠠ ᠶᠢᠨ 23 ᠤ ᠡᠳᠦᠷ ᠠᠴᠠ 25 ᠤ ᠡᠳᠦᠷ ᠬᠦᠷᠲᠡᠯ᠎ᠡ ᠲᠥᠪᠯᠡᠷᠡᠵᠦ ᠪᠠᠶᠢᠳᠠᠭ᠃ ᠣᠳᠣᠬᠠᠨ ᠳᠤ᠂ ᠵᠠᠷᠢᠮ ᠮᠤᠵᠢ ᠣᠷᠣᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠴᠠᠭ ᠢᠶᠠᠨ ᠨᠡᠶᠢᠲᠡᠯᠡᠭᠰᠡᠨ ᠪᠠᠶᠢᠨ᠎ᠠ᠂ ᠵᠢᠱᠢᠶᠡᠯᠡᠪᠡᠯ᠂ ᠬᠤᠨᠠᠨ᠂ ᠬᠤᠪᠧᠢ᠂ ᠭᠢᠷᠢᠨ᠂ ᠵᠢᠶᠠᠩᠰᠢ ᠵᠡᠷᠭᠡ ᠭᠠᠵᠠᠷ ᠤᠨ ᠬᠢᠨ 6 ᠳ᠋ᠤᠭᠠᠷ ᠰᠠᠷ᠎ᠠ ᠶᠢᠨ 25 ᠤ ᠡᠳᠦᠷ ᠤᠨ ᠣᠷᠴᠢᠮ ᠢᠶᠠᠷ ᠨᠡᠶᠢᠲᠡᠯᠡᠬᠦ ᠪᠠᠷ ᠵᠢᠱᠢᠵᠦ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ