6 ᠰᠠᠷ᠎ᠠ ᠶᠢᠨ 10 ᠤ ᠡᠳᠦᠷ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠭᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ︽ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾᠂ ᠲᠥᠪ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠣᠶᠢᠷ᠎ᠠ ᠶᠢᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠰᠢᠷᠢᠰ | ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ ︽ᠾᠧᠪᠸᠢ ᠮᠤᠵᠢ ᠶᠢᠨ ᠰᠠᠨ ᠾᠧ ᠬᠤᠲᠠ ᠶᠢᠨ ᠬᠤᠲᠠ ᠶᠢᠨ ᠬᠠᠮᠢᠶᠠᠷᠤᠯᠲᠠ ᠳᠤᠮᠳᠠ | ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠤᠨ | ᠨᠡᠶᠢᠲᠡᠯᠢᠭ ᠬᠡᠷᠡᠭ ᠤᠨ ᠵᠢᠱᠢᠶ᠎ᠡ︾ ᠶᠢ ᠵᠠᠷᠯᠠᠨ ᠮᠡᠳᠡᠭᠳᠡᠵᠦ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠳ ᠬᠤᠷᠠᠯ ᠳᠤ ᠣᠷᠣᠯᠴᠠᠪᠠ᠃ | ᠬᠤᠷᠠᠯ ᠠᠴᠠ᠂ ᠰᠤᠷᠤᠯᠴᠠᠬᠤ᠂ ᠪᠠᠶᠢᠴᠠᠭᠠᠨ ᠳᠡᠯᠭᠡᠬᠦ᠂ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ | ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠳᠤᠷᠢᠳᠬᠤ ᠺᠠᠳ᠋ᠷ᠂ ᠵᠠᠯᠠᠭᠤ ᠺᠠᠳ᠋ᠷ ᠪᠣᠯᠤᠨ ᠵᠠᠩᠭᠢᠯᠠᠭ᠎ᠠ ᠶᠢᠨ | ᠠᠵᠢᠯ ᠤᠨ ᠪᠠᠶᠢᠷᠢ ᠶᠢᠨ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ᠂ ᠲᠦᠷᠦᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠵᠦ᠂ ᠰᠤᠷᠤᠯᠴᠠᠯᠭ᠎ᠠ | ᠬᠥᠮᠦᠵᠢᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠤᠬᠠᠭᠤᠯᠵᠤ ᠬᠥᠲᠥᠯᠦᠨ ᠵᠢᠯᠣᠭᠤᠳᠬᠤ ᠶᠢ | ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠡᠷᠡᠭᠦᠯ ᠪᠤᠰᠤ ᠰᠤᠷᠲᠠᠯ ᠢ ᠴᠡᠭᠴᠡᠯᠡᠨ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ | ᠪᠣᠶ ᠪᠣᠯᠭᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠪᠥᠬᠦ ᠨᠠᠮ ᠤᠨ ᠭᠡᠰᠢᠭᠦᠳ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠭᠦᠨᠵᠡᠭᠡᠶ ᠲᠤᠤᠱᠯᠠᠭᠤᠯᠬᠤ ᠪᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠣᠳᠣᠬᠠᠨ ᠤ | ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠯᠭ᠎ᠠ ᠬᠥᠮᠦᠵᠢᠯ ᠪᠠ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠰᠢᠨ᠎ᠡ ᠪᠠᠷᠭᠤ | ᠪᠠᠷᠠᠭᠤᠨ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠪᠦᠲᠦᠮᠵᠢᠲᠡᠶ | ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠥᠬᠦ ᠺᠠᠳ᠋ᠷ ᠠᠵᠢᠯᠲᠠᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ | ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠰᠤᠷᠭᠠᠮᠵᠢ ᠪᠠᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠠᠵᠢᠯᠯᠠᠭᠠᠨ ᠤ ᠪᠠᠷᠢᠮᠵᠢᠶ᠎ᠠ ᠪᠣᠯᠭᠠᠨ | ᠬᠤᠪᠢᠷᠠᠭᠤᠯᠬᠤ ᠬᠡᠷᠡᠭᠲᠡᠶ᠃ ᠡᠳᠦᠷ ᠲᠤᠲᠤᠮ ᠤᠨ ᠠᠵᠢᠯ ᠠᠮᠢᠳᠤᠷᠠᠯ ᠳᠤᠮᠳᠠ᠂ ᠰᠠᠨᠠᠭᠠᠴᠢᠯᠠᠭ᠎ᠠ ᠠᠴᠠ ᠪᠠᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠲᠠᠢ | ᠬᠠᠷᠢᠴᠠᠭᠤᠯᠵᠤ᠂ ᠴᠠᠭ ᠢᠮᠠᠭᠲᠠ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠠᠶᠢᠴᠠᠭᠠᠨ ᠦᠵᠡᠵᠦ᠂ ᠢᠳᠡᠵᠦ ᠤᠤᠭᠤᠬᠤ ᠬᠦᠷᠢᠶᠡᠨ ᠳᠠᠬᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠮᠥᠷᠲᠡᠭᠡᠨ ᠪᠠᠰᠠ ᠪᠤᠰᠤᠳ ᠠᠵᠢᠯ ᠠᠮᠢᠳᠤᠷᠠᠯ ᠤᠨ ᠲᠠᠯᠠᠪᠤᠷ ᠠᠴᠠ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠵᠦ᠂ ᠡᠶᠢᠮᠦᠷᠬᠦ ᠠᠰᠠᠭᠤᠳᠠᠯ ᠳᠠᠬᠢᠨᠲᠠ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ | | |