ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/11
      ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠤᠨ ᠪᠠᠢᠭᠤᠯᠤᠯᠲᠠ ᠶᠢ ᠦᠷᠭᠦᠯᠵᠢᠯᠡᠨ ᠭᠦᠨᠵᠡᠭᠡᠢᠷᠡᠭᠦᠯᠬᠦ ᠶᠢᠨ ᠲᠥᠯᠥᠭᠡ᠂ 6 ᠰᠠᠷ᠎ᠠ ᠶᠢᠨ 10 ᠤ ᠡᠳᠦᠷ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︽ᠰᠡᠷᠡᠮᠵᠢᠯᠡᠭᠦᠯᠬᠦ ᠬᠥᠮᠦᠵᠢᠯ + ᠱᠦᠵᠢ ᠨᠠᠮ ᠤᠨ ᠬᠢᠴᠢᠶᠡᠯ ᠣᠷᠣᠬᠤ︾ ᠬᠡᠯᠪᠡᠷᠢ ᠪᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠦᠬᠦ ᠨᠠᠮ ᠤᠨ ᠭᠡᠰᠢᠭᠦᠳ ᠣᠷᠣᠯᠴᠠᠪᠠ᠃
6.11林草局1.jpg
      ᠪᠦᠬᠦ ᠨᠠᠮ ᠤᠨ ᠭᠡᠰᠢᠭᠦᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠪᠡ᠃ ᠹᠢᠯᠢᠮ ᠳᠤ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠡᠰᠡᠭ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠰᠤᠯᠠᠷᠠᠭᠰᠠᠨ᠂ ᠰᠠᠬᠢᠯᠭ᠎ᠠ ᠪᠠᠲᠤ ᠶᠢᠨ ᠤᠬᠠᠮᠰᠠᠷ ᠳᠣᠷᠣᠭᠰᠢᠯᠠᠭᠰᠠᠨ ᠠᠴᠠ ᠪᠣᠯᠵᠣ ᠠᠭᠠᠵᠢᠮ ᠢᠶᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠠᠴᠠ ᠲᠡᠷᠰᠯᠡᠵᠦ᠂ ᠡᠴᠦᠰ ᠲᠡᠭᠡᠨ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠭᠦᠨ ᠵᠤᠵᠠᠭᠠᠨ ᠪᠥᠬᠦ ᠶᠠᠪᠤᠴᠠ ᠳᠤ ᠤᠷᠤᠭᠰᠠᠨ ᠪᠠᠶᠢᠨ᠎ᠠ᠃ ᠲᠣᠭᠲᠠᠭᠠᠯ ᠠᠴᠠ ᠵᠥᠷᠢᠴᠡᠨ ᠪᠡᠯᠡᠭ ᠤᠨ ᠡᠳ᠋ ᠵᠣᠭᠤᠰ ᠮᠥᠩᠭᠦ᠂ ᠲᠣᠭᠲᠠᠭᠠᠯ ᠠᠴᠠ ᠵᠥᠷᠢᠴᠡᠨ ᠠᠯᠪᠠᠨ ᠤ ᠵᠣᠭᠤᠰ ᠢᠶᠠᠷ ᠢᠳᠡᠵᠦ ᠤᠤᠭᠤᠬᠤ᠂ ᠲᠤᠰᠢᠶᠠᠯ ᠤᠨ ᠳᠥᠭᠦᠮ ᠢᠶᠠᠨ ᠠᠰᠢᠭᠯᠠᠨ ᠬᠤᠪᠢ ᠶᠢᠨ ᠠᠰᠢᠭ ᠤᠯᠬᠤ ᠬᠦᠷᠲᠡᠯ᠎ᠡ᠂ ᠡᠳᠡᠭᠡᠷ ᠬᠡᠷᠡᠭ ᠤᠨ ᠵᠢᠱᠢᠶ᠎ᠡ ᠨᠢ ᠪᠦᠬᠦ ᠨᠠᠮ ᠤᠨ ᠭᠡᠰᠢᠭᠦᠳ ᠲᠤ ᠴᠢᠩᠭ᠎ᠠ ᠬᠦᠴᠦᠲᠡᠢ ᠬᠠᠷᠠᠭᠠᠨ ᠰᠡᠷᠡᠯ ᠤᠨ ᠳᠠᠭᠠᠷᠢᠯᠲᠠ ᠥᠭᠭᠦᠭᠰᠡᠨ ᠪᠠ ᠤᠶᠤᠨ ᠰᠠᠨᠠᠭ᠎ᠠ ᠶᠢ ᠨᠢ ᠳᠣᠯᠭᠢᠰᠤᠭᠤᠯᠵᠤ᠂ ᠤᠯᠠᠨ ᠳᠤ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠬᠦᠨᠳᠦ ᠨᠣᠴᠢᠲᠠᠢ ᠦᠷ᠎ᠡ ᠳ᠋ᠦᠩ ᠢ ᠭᠦᠨᠵᠡᠭᠡᠢ ᠲᠠᠨᠢᠭᠤᠯᠵᠤ᠂ ᠬᠡᠷᠡᠭ ᠢᠶᠠᠷ ᠰᠡᠷᠡᠮᠵᠢᠯᠡᠬᠦᠯᠬᠦ᠂ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ ᠦᠢᠯᠡᠳᠦᠯ ᠢ ᠦᠨᠡᠨᠬᠦ ᠦᠵᠡᠭᠦᠯᠦᠭᠰᠡᠨ ᠪᠠᠶᠢᠨ᠎ᠠ᠃      ᠰᠡᠷᠡᠮᠵᠢᠯᠡᠭᠦᠯᠬᠦ ᠬᠥᠮᠦᠵᠢᠯ ᠳᠠᠭᠤᠰᠤᠭᠰᠠᠨ ᠤ ᠳᠠᠷᠠᠭ᠎ᠠ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ︽ᠲᠥᠪ ᠤᠨ ᠨᠠᠢᠮᠠᠨ ᠵᠣᠷᠪᠣᠰ ᠲᠣᠭᠲᠠᠭᠠᠯ ᠢ ᠴᠢᠩᠭ᠎ᠠ ᠰᠠᠬᠢᠵᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︾ ᠭᠡᠬᠦ ᠰᠡᠳᠦᠪ ᠢᠶᠠᠷ ᠪᠥᠬᠦ ᠨᠠᠮ ᠤᠨ ᠭᠡᠰᠢᠭᠦᠳ ᠲᠤ ᠠᠮᠢᠳᠤᠯᠢᠭ ᠪᠥᠭᠡᠳ ᠭᠦᠨᠵᠡᠭᠡᠶ ᠨᠠᠮ ᠤᠨ ᠬᠢᠴᠢᠶᠡᠯ ᠣᠷᠣᠪᠠ᠃ ᠨᠠᠮ ᠤᠨ ᠡᠭᠦᠷ ᠤᠨ ᠱᠦᠵᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠤᠯᠤᠭᠠᠨ ᠵᠦᠢᠯ ᠤᠨ ᠪᠠᠶᠢᠳᠠᠯ ᠤᠨ ᠲᠣᠭᠤᠷᠢᠨ ᠳᠤ᠂ ᠣᠶᠢᠷ᠎ᠠ ᠶᠢᠨ ᠵᠢᠯ ᠳᠤ ᠡᠭᠦᠰᠦᠭᠰᠡᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠳᠣᠬᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠥᠷᠢᠰᠥᠯᠳᠦᠭᠡᠨ ᠢ ᠭᠦᠨᠵᠡᠭᠡᠶ ᠵᠠᠳᠠᠯᠪᠠ᠃ ᠲᠡᠷᠡ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠪᠣᠯ ᠨᠢᠭᠡ ᠤᠳᠠᠭᠠᠨ ᠤ ᠰᠤᠷᠲᠠᠯ ᠪᠢᠰᠢ᠂ ᠬᠠᠷᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠲᠠᠭᠤ ᠶᠣᠰᠣ ᠳᠦᠷᠢᠮ᠂ ᠬᠠᠲᠠᠭᠤ ᠪᠠᠷᠢᠮᠵᠢᠶ᠎ᠠ ᠮᠥᠨ᠂ ᠪᠥᠬᠦ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃      ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠭᠦᠨ ᠬᠥᠮᠦᠵᠢᠯ ᠪᠠ ᠰᠡᠩᠬᠡᠷᠡᠭᠦᠯᠦᠯ ᠣᠯᠪᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠵᠣᠷᠢᠯᠲᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠡᠩ ᠯᠠᠪᠳᠠᠭᠤᠨ ᠪᠠᠲᠤᠲᠠᠢ ᠠᠵᠢᠯ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ