ᠤᠷᠤᠨ ᠨᠤᠳᠤᠭ ᠤᠨ ᠠᠵᠢᠯ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠬᠤ ᠠᠬᠢᠴᠠ ᠲᠤᠮᠳᠠ᠂ ᠬᠤᠰᠢᠭᠤᠨ ᠤ ᠡᠳ᠋ ᠤᠨ ᠵᠠᠰᠠᠭ ᠤᠨ | ᠲᠤᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠬᠦᠢᠴᠡᠤᠨ ᠪᠠᠳᠠᠷᠠᠭᠤᠯᠵᠤ᠂ ᠰᠤᠷᠭᠠᠨ ᠬᠦᠮᠤᠵᠢᠯ ᠤᠨ ᠬᠦᠷᠢᠶ᠎ᠠ ᠴᠠᠷᠠᠭᠠᠨ ᠳᠤ ᠠᠩᠬᠠᠷᠤᠯ ᠢᠶᠠᠨ | ᠲᠦᠪᠯᠡᠷᠡᠬᠦᠯᠤᠨ᠂ ᠨᠠᠷᠢᠯᠢᠭ ᠤᠨᠤᠪᠴᠢᠳᠠᠢ ᠪᠦᠭᠡᠳ ᠬᠦᠴᠤᠳᠠᠢ ᠪᠡᠯᠡ ᠮᠦᠩᠬᠦᠨ ᠤ ᠳᠡᠮᠵᠢᠯᠬᠡ ᠪᠠᠷ ᠲᠠᠮᠵᠢᠨ᠂ ᠪᠦᠬᠦ ᠬᠤᠰᠢᠭᠤᠨ ᠤ ᠰᠤᠷᠭᠠᠨ ᠬᠦᠮᠤᠵᠢᠯ ᠤᠨ | ᠤᠶᠢᠯᠡᠰ ᠤᠨ ᠬᠦᠭᠵᠢᠯᠳᠠ ᠳᠤ ᠬᠦᠴᠤᠷᠭᠡᠭ ᠶᠡᠭᠡ ᠬᠦᠳᠡᠯᠬᠡᠬᠦ ᠬᠦᠴᠤᠨ ᠨᠠᠮᠠᠷᠢᠯᠠᠪᠠ᠃ | ᠨᠢᠭᠡ ᠳᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠲᠣᠬᠢᠷᠠᠭᠤᠯᠤᠨ᠂ ᠰᠤᠷᠭᠠᠨ ᠬᠥᠮᠦᠵᠢᠯ ᠤᠨ ᠲᠤᠰᠬᠠᠶ ᠵᠠᠷᠤᠯᠭ᠎ᠠ ᠶᠢ ᠪᠥᠬᠦ | ᠬᠦᠴᠦᠨ ᠢᠶᠠᠷ ᠢᠶᠠᠨ ᠪᠠᠲᠤᠯᠠᠪᠠ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ 2025 | ᠣᠨ ᠤ ᠡᠬᠢ ᠪᠠᠷ ᠰᠤᠷᠭᠠᠨ ᠬᠥᠮᠦᠵᠢᠯ ᠤᠨ ᠵᠠᠷᠤᠯᠭ᠎ᠠ ᠶᠢ 9,856.62 ᠲᠦᠮᠡᠨ ᠲᠥᠭᠦᠷᠢᠭ ᠲᠣᠬᠢᠷᠠᠭᠤᠯᠵᠤ᠂ ᠪᠥᠬᠦ ᠬᠤᠰᠢᠭᠤᠨ ᠤ 2025 ᠣᠨ ᠤ ᠪᠥᠬᠦ | ᠵᠢᠯ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 7.31% ᠶᠢ ᠡᠵᠡᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠬᠤᠶᠠᠷ ᠲᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠠᠷᠤᠯᠭ᠎ᠠ ᠶᠢ ᠲᠦᠷᠭᠡᠳᠬᠡᠨ᠂ ᠰᠤᠷᠭᠠᠨ ᠬᠥᠮᠦᠵᠢᠯ ᠤᠨ ᠵᠠᠷᠤᠯᠭ᠎ᠠ ᠶᠢᠨ ᠠᠬᠢᠴᠠ ᠶᠢ ᠦᠷᠭᠦᠯᠵᠢᠯᠡᠨ | ᠱᠠᠯᠠᠪᠳᠠᠪᠠ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 5 ᠰᠠᠷ᠎ᠠ ᠶᠢᠨ ᠰᠡᠭᠦᠯᠴᠢ ᠪᠣᠯᠲᠠᠯ᠎ᠠ ᠰᠤᠷᠭᠠᠨ ᠬᠥᠮᠦᠵᠢᠯ ᠤᠨ ᠪᠡᠯᠡ ᠮᠥᠩᠭᠦ ᠶᠢ 3,908 ᠲᠦᠮᠡᠨ | ᠲᠥᠭᠦᠷᠢᠭ ᠪᠠᠭᠤᠯᠭᠠᠵᠤ᠂ ᠡᠩ ᠤᠨ ᠣᠯᠠᠨ ᠨᠡᠢᠲᠡ ᠶᠢᠨ ᠲᠥᠰᠥᠪ ᠤᠨ ᠵᠠᠷᠤᠯᠭ᠎ᠠ ᠶᠢᠨ 6.23% ᠶᠢ ᠡᠵᠡᠯᠡᠵᠦ᠂ ᠲᠥᠰᠥᠪ ᠤᠨ 39.65% ᠶᠢ ᠪᠡᠶᠡᠯᠡᠭᠦᠯᠪᠡ᠃ | 2025 ᠣᠨ ᠳᠤ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢ ᠨᠡᠶᠢᠲᠡ 215.56 ᠲᠦᠮᠡᠨ ᠲᠥᠭᠦᠷᠢᠭ ᠰᠠᠯᠭᠠᠨ ᠥᠭᠴᠦ᠂ | ᠣᠷᠣᠨ ᠨᠤᠲᠤᠭ ᠤᠨ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢ ᠨᠡᠶᠢᠲᠡ 329.62 ᠲᠦᠮᠡᠨ ᠲᠥᠭᠦᠷᠢᠭ ᠰᠠᠯᠭᠠᠨ ᠥᠭᠴᠦ᠂ ᠠᠯᠪᠠᠨ ᠵᠢᠷᠤᠮ ᠤᠨ | ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠣᠯᠠᠨ ᠲᠠᠯ᠎ᠠ ᠶᠢ | ᠬᠠᠮᠤᠷᠴᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠪᠡ᠃ | ᠭᠤᠷᠪᠠ ᠳᠤ ᠢᠳᠡᠪᠬᠢᠲᠡᠶ ᠪᠠᠷ ᠨᠡᠪᠲᠡᠷᠡᠯᠴᠡᠵᠦ᠂ ᠨᠢᠭᠡᠳᠦᠯᠲᠡᠶ ᠲᠥᠯᠥᠪᠯᠡᠨ ᠬᠠᠮᠵᠢᠯᠴᠠᠵᠤ᠂ ᠰᠤᠷᠭᠠᠨ ᠬᠥᠮᠦᠵᠢᠯ ᠤᠨ ᠲᠤᠰᠬᠠᠶ ᠪᠡᠯᠡ ᠮᠥᠩᠭᠦ ᠶᠢ ᠴᠢᠷᠮᠠᠶᠢᠨ | ᠤᠯᠪᠠ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠳᠡᠭᠡᠭᠰᠢ ᠵᠣᠯᠭᠠᠭᠤᠯᠤᠨ ᠬᠠᠷᠢᠭᠤ ᠮᠡᠳᠡᠭᠦᠯᠵᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠡᠵᠡᠮᠳᠡᠵᠦ᠂ ᠢᠳᠡᠪᠬᠢᠲᠡᠶ ᠪᠠᠷ ᠳᠡᠭᠡᠳᠦ | ᠱᠠᠲᠤᠨ ᠠᠴᠠ ᠲᠤᠰᠬᠠᠶ ᠪᠠᠯᠠ ᠮᠥᠩᠭᠦ ᠣᠯᠵᠤ᠂ 2025 ᠣᠨ ᠤ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢ 1,733.71 ᠲᠦᠮᠡᠨ ᠲᠥᠭᠦᠷᠢᠭ | ᠣᠯᠵᠤ᠂ ᠪᠠᠯᠠ ᠮᠥᠩᠭᠦ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠦᠷᠢᠶ᠎ᠡ ᠶᠢ ᠲᠠᠰ ᠳᠡᠪᠰᠢᠭᠦᠯᠦᠨ ᠥᠭᠡᠷᠡᠴᠢᠯᠡᠬᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠠᠯᠪᠠᠨ ᠬᠡᠷᠡᠭᠯᠡᠭᠡᠨ ᠤ ᠵᠠᠷᠤᠳᠠᠯ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠵᠡᠷᠭᠡ ᠣᠯᠠᠨ ᠲᠠᠯ᠎ᠠ ᠳᠤ ᠬᠡᠷᠡᠭᠯᠡᠪᠡ᠃ | ᠳᠥᠷᠪᠡ ᠳᠤ ᠬᠠᠷᠠᠯᠲᠠ ᠶᠢ ᠪᠠᠷᠢᠮᠲᠠᠯᠠᠨ᠂ ᠦᠷ᠎ᠡ ᠪᠦᠲᠦᠮᠵᠢ ᠶᠢ ᠬᠢᠨᠠᠨ ᠠᠰᠠᠭᠤᠵᠤ᠂ ᠰᠤᠷᠭᠠᠨ ᠬᠥᠮᠦᠵᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠪᠡ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠰᠤᠷᠭᠠᠨ ᠬᠥᠮᠦᠵᠢᠯ ᠤᠨ ᠲᠤᠰᠭᠠᠢ ᠪᠡᠯᠡ ᠮᠥᠩᠭᠦ ᠶᠢ | ᠬᠤᠪᠢᠶᠠᠷᠢᠯᠠᠬᠤ ᠪᠠ ᠬᠡᠷᠡᠭᠯᠡᠵᠦ᠂ ᠲᠥᠰᠥᠪ ᠤᠨ ᠬᠠᠮᠢᠶᠠᠷᠤᠯᠲᠠ ᠶᠢᠨ ᠨᠢᠭᠡᠳᠦᠭᠡᠷ ᠰᠢᠰᠲ᠋ᠧᠮ ᠳᠤ ᠲᠦᠰᠢᠭᠯᠡᠨ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠭᠤᠣᠯ ᠰᠠᠯᠠᠭ᠎ᠠ ᠮᠦᠴᠢᠷ ᠱᠠᠯᠠᠪᠳᠠᠵᠤ ᠪᠠᠶᠢᠭᠠᠳ ᠲᠥᠰᠥᠪ ᠢ ᠭᠦᠢᠴᠡᠳᠭᠡᠬᠦ ᠠᠬᠢᠴᠠ ᠶᠢ ᠲᠦᠷᠭᠡᠳᠭᠡᠵᠦ᠂ | ᠰᠤᠷᠭᠠᠨ ᠬᠥᠮᠦᠵᠢᠯ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ | | | |