6 ᠰᠠᠷ᠎ᠠ ᠶᠢᠨ 11 ᠤ ᠡᠳᠦᠷ᠂ ᠬᠦᠯᠦᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠲᠤᠰᠬᠠᠶ ᠰᠡᠳᠦᠪᠲᠦ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠠᠮᠵᠢᠯᠠᠯᠲᠤ ᠮᠠᠯ ᠠᠵᠤ ᠠᠬᠤᠶ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠲᠤᠬᠠᠶ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠰᠠᠶᠢᠨ ᠬᠤᠨᠢᠨ ᠤ ᠮᠢᠬ᠎ᠠ ᠶᠢ ᠦᠨᠳᠦᠷ ᠦᠨ᠎ᠡ ᠪᠠᠷ ᠬᠤᠳᠠᠯᠳᠤᠵᠤ᠂ ᠮᠠᠯᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ︾ | ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠵᠤ᠂ ︽ᠨᠢᠭᠡ ᠬᠡᠰᠡᠭ ᠭᠠᠵᠠᠷ ᠰᠢᠷᠤᠢ ᠳᠤ ᠣᠯᠠᠨ ᠦᠨᠡᠮᠯᠡᠯ ᠲᠠᠢ︾ ︽ᠨᠢᠭᠡ ᠬᠡᠰᠡᠭ ᠭᠠᠵᠠᠷ ᠰᠢᠷᠤᠢ ᠳᠤ ᠣᠯᠠᠨ | ᠨᠦᠬᠦᠪᠦᠷᠢ ᠲᠠᠢ︾ ᠪᠠᠶᠢᠬᠤ ᠠᠰᠠᠭᠤᠳᠠᠯ ᠢ ᠤᠶᠢᠯᠠᠭᠠᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠵᠤ ᠠᠬᠤᠢ ᠶᠢᠨ ᠲᠠᠩᠰᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠪᠤᠳᠤᠵᠤ᠂ ︽ᠤᠯᠠᠮᠵᠢᠯᠠᠯᠲᠤ + ᠣᠳᠣᠬᠢᠴᠢ︾ | ᠠᠭᠤᠰᠤᠯᠴᠠᠭᠰᠠᠨ ᠡᠵᠡᠩᠨᠡᠨ ᠪᠣᠷᠣᠯᠠᠭᠤᠯᠬᠤ ᠰᠢᠰᠲ᠋ᠧᠮ ᠢ ᠪᠠᠶᠢᠭᠤᠯᠵᠤ᠂ ᠦᠢᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ ᠶᠢ ᠨᠢᠭᠡ ᠴᠤᠬᠴᠠᠵᠢᠭᠤᠯᠤᠨ | ᠬᠠᠮᠵᠢᠯᠴᠠᠭᠤᠯᠤᠨ ᠬᠥᠭᠵᠢᠭᠦᠯᠬᠦ ᠶᠢ ᠴᠢᠩᠭᠠᠳᠬᠠᠵᠤ᠂ ︽ᠣᠯᠠᠨ ᠴᠢᠳᠠᠮᠵᠢ ᠶᠢ ᠨᠢᠭᠡ ᠴᠤᠬᠴᠠᠵᠢᠭᠤᠯᠤᠬᠰᠠᠨ ᠨᠡᠭᠦᠳᠡᠯ ᠮᠠᠶ᠋ᠢᠭ ᠤᠨ ᠮᠠᠯᠵᠢᠬᠤ ᠡᠷᠦᠬᠡ ᠶᠢᠨ ᠭᠡᠷᠲᠦ | ᠲᠡᠷᠭᠡ + ᠮᠠᠯᠵᠢᠬᠤ ᠡᠷᠦᠬᠡ ᠶᠢᠨ ᠵᠢᠭᠤᠯᠴᠢᠯᠠᠯ︾ ᠤᠨ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠮᠠᠯᠴᠢᠳ ᠤᠨ ᠠᠰᠢᠭ | ᠲᠤᠰᠠ ᠶᠢᠨ ᠬᠤᠯᠪᠣᠭᠠᠯᠠᠭᠰᠠᠨ ᠲᠣᠭᠲᠠᠴᠠ ᠶᠢ ᠪᠠᠶᠢᠭᠤᠯᠵᠤ᠂ ᠪᠦᠲᠦᠭᠡᠭᠳᠡᠬᠦᠨ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠤᠷᠮ᠎ᠠ ᠶᠢ ᠳᠡᠭᠡᠭᠰᠢᠯᠡᠭᠦᠯᠵᠦ᠂ ︽ | ᠰᠠᠶᠢᠨ ᠤ ᠬᠤᠨᠢᠨ ᠮᠢᠬ᠎ᠠ ᠶᠢ ᠦᠨᠳᠦᠷ ᠦᠨ᠎ᠡ ᠪᠠᠷ ᠬᠤᠳᠠᠯᠳᠤᠬᠤ ᠶᠢ ᠪᠡᠶᠡᠯᠡᠭᠦᠯᠵᠦ᠂ ᠮᠠᠯᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ︾ ᠶᠢ | ᠠᠬᠢᠭᠤᠯᠬᠤ ᠬᠡᠷᠡᠭᠲᠡᠢ᠃ ᠪᠡᠭᠡᠵᠢᠩ ᠪᠠ ᠥᠪᠥᠷ ᠮᠣᠩᠭᠤᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ | ᠰᠢᠰᠲ᠋ᠧᠮ ᠢ ᠲᠡᠭᠦᠯᠳᠡᠷᠵᠢᠭᠦᠯᠵᠦ᠂ ︽ᠨᠢᠭᠡ ᠬᠤᠨᠢᠨ ᠳᠤ ᠨᠢᠭᠡ ᠨᠣᠮᠧᠷ ᠲᠠᠢ︾ ᠪᠠᠶᠢᠬᠤ ᠪᠥᠬᠦ ᠶᠠᠪᠤᠴᠠ ᠶᠢᠨ ᠮᠦᠷᠳᠡᠬᠦ ᠰᠢᠰᠲ᠋ᠧᠮ ᠪᠠ ᠵᠤᠭᠠᠴᠠᠭᠰᠠᠳ ᠤᠨ ᠬᠤᠨᠢ | ᠬᠤᠳᠠᠯᠳᠤᠨ ᠠᠪᠬᠤ ᠵᠡᠷᠭᠡ ᠠᠭᠤᠯᠭ᠎ᠠ ᠶᠢ ᠰᠠᠶᠢᠲᠤᠷ ᠬᠢᠵᠦ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠶ ᠶᠢᠨ ᠲᠡᠮᠳᠡᠭᠲᠦ | ᠪᠦᠲᠦᠭᠡᠭᠳᠡᠬᠦᠨ ᠤ ᠡᠵᠡᠩᠨᠡᠯᠲᠡ ᠶᠢ ᠠᠬᠢᠭᠤᠯᠵᠤ᠂ ᠰᠢᠭᠤᠳ ᠬᠠᠩᠭᠠᠵᠤ ᠰᠢᠭᠤᠳ ᠪᠣᠷᠣᠯᠠᠭᠤᠯᠬᠤ᠂ ᠳᠡᠭᠡᠳᠦ ᠲᠠᠰ ᠤᠨ ᠵᠠᠬ᠎ᠠ ᠳᠡᠯᠭᠡᠭᠦᠷ ᠲᠠᠢ ᠣᠨᠣᠪᠴᠢᠲᠠᠶ | ᠵᠣᠯᠭᠠᠭᠤᠯᠬᠤ᠂ ᠭᠠᠳᠠᠷ ᠣᠷᠣᠨ ᠤ ᠵᠤᠭᠠᠴᠠᠭᠰᠠᠳ ᠤᠨ ᠳᠠᠬᠢᠨ ᠬᠤᠳᠠᠯᠳᠤᠨ ᠠᠪᠬᠤ ᠵᠡᠷᠭᠡ ᠠᠷᠭ᠎ᠠ ᠶᠢ ᠰᠦᠪᠡᠭᠴᠢᠯᠡᠬᠦ ᠪᠠᠷ ᠳᠠᠮᠵᠢᠭᠤᠯᠤᠨ᠂ ᠮᠠᠯ ᠠᠵᠤ ᠠᠬᠤᠶ ᠶᠢᠨ | ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠭᠠᠳᠠᠨ᠎ᠠ ᠣᠷᠣᠨ ᠠᠴᠠ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠣᠮᠣ | ᠪᠠᠯᠭᠠᠰᠤ ᠶᠢᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ᠶᠢ ᠪᠠᠶᠢᠭᠤᠯᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠡᠭᠦᠷᠭᠡ ᠭᠦᠢᠴᠡᠳᠬᠡᠬᠦ ᠪᠣᠭᠤᠮᠲᠠ ᠶᠢᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ | ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠨᠢᠭᠡ ᠬᠡᠰᠡᠭ ᠭᠠᠵᠠᠷ ᠰᠢᠷᠤᠢ ᠳᠤ ᠣᠯᠠᠨ ᠦᠨᠡᠮᠯᠡᠯ ᠲᠠᠢ︾ ︽ᠨᠢᠭᠡ ᠬᠡᠰᠡᠭ ᠭᠠᠵᠠᠷ ᠰᠢᠷᠤᠢ ᠳᠤ ᠣᠯᠠᠨ ᠨᠦᠬᠦᠪᠦᠷᠢ | ᠲᠠᠢ︾ ᠪᠠᠶᠢᠬᠤ ᠠᠰᠠᠭᠤᠳᠠᠯ ᠢ ᠪᠠᠶᠢᠴᠠᠭᠠᠨ ᠵᠢᠭᠰᠠᠭᠠᠬᠤ᠂ ᠬᠠᠷᠭᠤᠭᠤᠯᠤᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠪᠡᠶ᠎ᠡ ᠶᠢᠨ | ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠤᠶᠢᠯᠠᠭᠠᠨ ᠪᠠᠶᠢᠴᠠᠭᠠᠭᠰᠠᠨ ᠦᠷ᠎ᠡ ᠳ᠋ᠦᠩ ᠤᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠵᠤ᠂ ᠭᠠᠵᠠᠷ ᠰᠢᠷᠣᠶ ᠶᠢᠨ | ᠬᠠᠮᠢᠶᠠᠷᠤᠯᠲᠠ ᠶᠢ ᠵᠢᠷᠤᠮᠵᠢᠭᠤᠯᠬᠤ᠂ ᠣᠯᠠᠨ ᠲᠦᠮᠡᠨ ᠤ ᠡᠷᠬᠡ ᠠᠰᠢᠭ ᠢ ᠬᠠᠮᠠᠭᠠᠯᠠᠬᠤ ᠳᠤ ᠪᠠᠲᠤ ᠪᠠᠬᠢ ᠦᠨᠳᠦᠰᠦᠯᠡᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | | ᠬᠤᠷᠠᠯ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ︽ᠪᠡᠭᠡᠵᠢᠩ ᠪᠠ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢᠨ ᠦᠢᠯᠡᠳᠦᠯ ᠢ ᠤᠯᠠᠮ | ᠴᠢᠨᠠᠭᠰᠢᠳᠠ ᠪᠠᠳᠠᠷᠠᠭᠤᠯᠵᠤ᠂ ᠬᠤᠨᠢᠨ ᠤ ᠮᠢᠬ᠎ᠠ ᠶᠢ ᠦᠨᠳᠦᠷ ᠦᠨ᠎ᠡ ᠪᠠᠷ ᠬᠤᠳᠠᠯᠳᠤᠬᠤ ᠶᠢ ᠰᠠᠶᠢᠲᠤᠷ ᠠᠬᠢᠭᠤᠯᠵᠤ᠂ ᠮᠠᠯᠴᠢᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠦᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠰᠡᠳᠬᠢᠴᠡ | ᠠᠷᠭ᠎ᠠ ᠬᠡᠮᠵᠢᠶ᠎ᠡ ᠶᠢᠨ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃ | | |