6 ᠰᠠᠷ᠎ᠠ ᠶᠢᠨ ᠬᠥᠬᠡᠬᠤᠲᠠ ᠶᠢᠨ ᠴᠡᠯᠡᠭᠡᠷ ᠲᠠᠯ᠎ᠠ ᠬᠦᠬᠡᠷᠡᠨ ᠴᠡᠯᠡᠶᠢᠨᠠ᠂ 2025 ᠳᠤᠮᠳᠠᠳᠤ ᠤᠯᠤᠰ ᠤᠨ ᠠᠵᠤ ᠦᠢᠯᠡᠰ ᠢ ᠰᠢᠯᠵᠢᠭᠦᠯᠦᠨ ᠬᠦᠭᠵᠢᠭᠦᠯᠬᠦ | ᠵᠣᠯᠭᠠᠭᠤᠯᠬᠤ ᠠᠵᠢᠯᠯᠠᠭ᠎ᠠ ︵ᠥᠪᠥᠷ ᠮᠣᠩᠭᠤᠯ︶ 10 ᠤ ᠡᠳᠦᠷ ᠠᠳᠡ ᠦᠪᠡᠳᠡᠭᠰᠢ ᠶᠡᠭᠡ ᠪᠠᠷ ᠡᠬᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ 20 ᠲᠥᠷᠥᠯ | ᠵᠦᠢᠯ ᠳᠤ ᠲᠥᠪᠯᠡᠷᠡᠭᠦᠯᠦᠨ ᠭᠡᠷ᠎ᠡ ᠲᠣᠭᠲᠠᠵᠤ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠲᠣᠨᠣᠭᠯᠠᠯ | ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠣᠶᠤᠨᠴᠢ ᠪᠣᠳᠣᠯᠲᠠ ᠶᠢᠨ ᠠᠵᠤ ᠦᠢᠯᠡᠰ ᠵᠡᠷᠭᠡ 5 ᠲᠠᠯᠠᠪᠤᠷ ᠲᠤᠰᠬᠠᠶ ᠰᠡᠳᠦᠪᠲᠦ ᠵᠣᠯᠭᠠᠭᠤᠯᠬᠤ ᠠᠵᠢᠯᠯᠠᠭ᠎ᠠ ᠳᠤ | ᠡᠯᠪᠡᠭ ᠪᠠᠶᠠᠯᠢᠭ ᠦᠷ᠎ᠡ ᠪᠦᠲᠦᠭᠡᠯ ᠣᠯᠵᠠᠶ᠃ ᠡᠨᠡ ᠬᠦ ︽ᠪᠣᠬᠢᠷᠲᠤᠯ ᠦᠭᠡᠢ ᠪᠠᠷ ᠡᠨᠧᠷᠬᠢ ᠤᠯᠭᠤᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠬᠦᠯᠦᠶᠠ︾ ᠬᠡᠬᠦ ᠭᠤᠣᠯ ᠰᠡᠳᠦᠪ ᠢᠶᠠᠷ ᠶᠠᠪᠤᠭᠳᠠᠬᠰᠠᠨ ᠠᠵᠢᠯᠯᠠᠭ᠎ᠠ ᠨᠢ ᠥᠪᠥᠷ ᠮᠣᠩᠭᠤᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠵᠠ | ᠲᠣᠬᠢᠶᠠᠯ ᠢ ᠪᠦᠬᠦ ᠲᠠᠯ᠎ᠠ ᠪᠠᠷ ᠢᠯᠡᠷᠡᠭᠦᠯᠵᠦ᠂ ᠡᠯ᠎ᠡ ᠭᠠᠵᠠᠷ ᠤᠨ ᠠᠵᠤ ᠠᠬᠤᠶᠢᠯᠠᠯ ᠤᠨ ᠬᠦᠷᠦᠯᠴᠡᠨ ᠢᠷᠡᠬᠦ ᠶᠢ ᠲᠠᠲᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠣᠳᠣᠬᠠᠨ ᠳᠤ᠂ ᠥᠪᠥᠷ ᠮᠣᠩᠭᠤᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠨᠢ ᠶᠠᠭ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ | ᠠᠵᠤ ᠦᠢᠯᠡᠰ ᠢ ᠰᠢᠯᠵᠢᠭᠦᠯᠬᠦ ᠶᠢ ᠵᠤᠯᠭᠠᠭᠤᠯᠤᠨ ᠠᠪᠬᠤ ᠪᠣᠯ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠬᠦ᠂ ᠳᠠᠪᠠᠭᠤᠯᠢᠭ ᠣᠨᠴᠠᠯᠢᠭᠲᠤ | ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠪᠦᠲᠦᠮᠵᠢᠲᠡᠶ ᠠᠷᠭ᠎ᠠ ᠵᠠᠮ ᠮᠥᠨ᠂ ᠨᠠᠩ ᠴᠤ ︽ᠲᠠᠪᠤᠨ ᠶᠡᠭᠡ ᠡᠭᠦᠷᠭᠡ︾ ᠢᠢ ᠰᠠᠶᠢᠲᠤᠷ ᠪᠡᠶᠡᠯᠡᠭᠦᠯᠬᠦ᠂ ᠠᠮᠢ | ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠵᠠᠮᠨᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠠᠵᠤ ᠦᠢᠯᠡᠰ ᠢ ᠰᠢᠯᠵᠢᠭᠦᠯᠬᠦ ᠶᠢ ᠰᠠᠶᠢᠲᠤᠷ ᠵᠤᠯᠭᠠᠭᠤᠯᠤᠨ ᠠᠪᠴᠤ᠂ ᠤᠯᠠᠮᠵᠢᠯᠠᠯᠲᠤ ᠠᠵᠤ ᠦᠢᠯᠡᠰ ᠢ | ᠥᠨᠳᠥᠷ ᠪᠠᠷᠢᠮᠵᠢᠶ᠎ᠠ ᠪᠠᠷ ᠵᠠᠯᠭᠠᠨ ᠠᠪᠴᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠤᠷᠢᠳ ᠢᠶᠠᠷ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ | ᠤᠷᠢᠳᠴᠢᠯᠠᠨ ᠪᠠᠶᠢᠷᠢᠰᠢᠭᠤᠯᠬᠤ ᠨᠢ ᠥᠪᠥᠷ ᠮᠣᠩᠭᠤᠯ ᠤᠨ ︽ᠰᠢᠨ᠎ᠡ︾ ᠶᠢ ᠬᠦᠭᠡᠭᠡᠴᠡᠯᠳᠦᠨ ︽ᠪᠣᠬᠢᠷᠲᠤᠯ ᠦᠭᠡᠢ︾ ᠲᠡᠶᠢᠰᠢ ᠤᠷᠤᠭᠰᠢᠯᠠᠵᠤ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠴᠣᠭᠴᠠᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ | ᠭᠠᠵᠠᠷ ᠨᠤᠲᠤᠬ ᠠᠭᠤᠲᠠᠮ᠂ ᠪᠠᠶᠢᠭᠠᠯᠢ ᠶᠢᠨ ᠡᠬᠢ ᠪᠠᠶᠠᠯᠢᠭ ᠡᠯᠪᠡᠭ᠂ ︽ᠪᠤᠬᠢᠷᠳᠤᠯ ᠦᠭᠡᠢ ᠴᠠᠬᠢᠯᠭᠠᠨ︾ ᠤ ᠳᠠᠪᠠᠭᠤᠯᠢᠭ ᠢᠯᠡ ᠳᠤᠳᠤ᠂ ᠣᠷᠣᠨ | ᠪᠠᠶᠢᠷᠢ ᠶᠢᠨ ᠳᠠᠪᠠᠭᠤᠯᠢᠭ ᠢᠯᠡᠷᠬᠡᠢ᠂ ᠳᠡᠮᠵᠢᠯᠬᠡ ᠶᠢᠨ ᠲᠦᠷᠦ ᠶᠢᠨ ᠪᠤᠳᠤᠯᠭ᠎ᠠ ᠳᠠᠪᠬᠤᠴᠠᠭᠰᠠᠨ ᠨᠢ ᠴᠥᠮ ᠥᠪᠥᠷ ᠮᠣᠩᠭᠤᠯ ᠤᠨ ᠠᠵᠤ ᠦᠢᠯᠡᠰ ᠢ ᠰᠢᠯᠵᠢᠭᠦᠯᠬᠦ ᠶᠢ | ᠵᠤᠯᠭᠠᠭᠤᠯᠤᠨ ᠠᠪᠬᠤ ᠳᠠᠪᠠᠭᠤᠯᠢᠭ ᠨᠥᠬᠦᠴᠡᠯ ᠪᠠ ᠢᠳᠡ ᠬᠦᠴᠦᠨ ᠪᠣᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠂ ᠲᠥᠷᠥ ᠶᠢᠨ ᠪᠣᠳᠣᠯᠭ᠎ᠠ ᠶᠢᠨ | ᠣᠷᠴᠢᠨ ᠨᠦᠬᠦᠴᠡᠯ᠂ ᠬᠥᠭᠵᠢᠯᠲᠡ ᠶᠢᠨ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ | ᠪᠠᠲᠤᠯᠠᠭ᠎ᠠ ᠬᠠᠩᠭᠠᠵᠤ᠂ ᠲᠥᠷᠥᠯ ᠵᠦᠢᠯ ᠢ ᠯᠠᠪᠳᠠᠭᠤᠨ ᠢᠶᠠᠷ ᠬᠦᠯᠢᠶᠠᠨ ᠠᠪᠴᠤ ᠦᠯᠡᠳᠡᠭᠡᠨ ᠰᠠᠶᠢᠲᠤᠷ ᠬᠥᠭᠵᠢᠭᠦᠯᠪᠡᠯ᠂ ᠠᠵᠤ ᠦᠢᠯᠡᠰ ᠢ ᠰᠢᠯᠵᠢᠭᠦᠯᠬᠦ ︽ᠦᠷ᠎ᠡ︾ | ᠶᠢ ᠥᠪᠥᠷ ᠮᠣᠩᠭᠤᠯ ᠳᠤ ᠦᠨᠳᠦᠰᠦᠯᠡᠬᠦᠯᠵᠤ ᠲᠡᠶᠢᠯᠬᠦ ᠨᠢ ᠯᠠᠪᠳᠠᠢ᠃ | ᠡᠷᠡᠮᠡᠬᠡᠶᠢᠯᠡᠨ ᠤᠷᠤᠭᠰᠢᠯᠠᠭ᠎ᠠ ᠥᠪᠥᠷ ᠮᠣᠩᠭᠤᠯ ᠶᠠᠭ ᠤᠮᠠᠷᠠᠲᠤ ᠬᠢᠯᠢ ᠶᠢᠨ ᠡᠬᠡ ᠭᠠᠵᠠᠷ ᠤᠨ ᠠᠭᠤᠳᠠᠮ ᠪᠠᠭᠳᠠᠭᠠᠮᠵᠢ ᠪᠠᠷ ᠳᠦᠷᠪᠡᠨ ᠵᠦᠭ ᠤᠨ ᠵᠣᠴᠢᠳ ᠢ | ᠬᠠᠯᠠᠭᠤᠨ ᠢᠶᠠᠷ ᠤᠭᠲᠤᠵᠤ ᠪᠠᠶᠢᠨ᠎ᠠ︔ ᠦᠷᠨᠢᠨ ᠪᠠᠳᠠᠷᠠᠵᠦ ᠴᠡᠴᠡᠭᠯᠡᠨ ᠬᠦᠭᠵᠢᠬᠡ ᠥᠪᠥᠷ ᠮᠣᠩᠭᠤᠯ᠂ ᠶᠠᠭ ᠠᠵᠤ ᠦᠢᠯᠡᠰ ᠢ ᠰᠢᠯᠵᠢᠬᠦᠯᠦᠨ ᠬᠦᠭᠵᠢᠬᠦᠯᠬᠦ | ᠳᠣᠷᠣᠨ᠎ᠠ ᠶᠢᠨ ᠰᠠᠯᠬᠢᠨ ᠤ ᠡᠷᠴᠢᠨ ᠳᠤ ᠬᠥᠭᠵᠢᠯᠲᠡ ᠶᠢᠨ ᠳᠠᠷᠪᠠᠭᠤᠯ ᠬᠡᠶᠢᠰᠭᠡᠨ ᠠᠯᠤᠰ ᠢ ᠵᠤᠷᠢᠨ ᠤᠷᠤᠬᠰᠢᠯᠠᠨ᠎ᠠ᠃ ᠥᠪᠥᠷ ᠮᠣᠩᠭᠤᠯ ᠨᠠᠩ ᠣᠯᠠᠨ ᠠᠵᠤ | ᠠᠬᠤᠶᠢᠯᠠᠯᠲᠠᠨ᠂ ᠠᠵᠢᠯ ᠬᠢᠵᠤ ᠡᠷᠡᠮᠡᠬᠡᠶᠢᠯᠡᠨ ᠲᠡᠮᠡᠴᠡᠭᠰᠡᠳ ᠡᠨᠡ ᠬᠦ ᠬᠠᠯᠠᠭᠤᠨ ᠬᠥᠷᠥᠰᠥᠨ ᠳᠤ ᠢᠷᠡᠵᠦ ᠪᠠᠯᠠ ᠣᠷᠣᠭᠤᠯᠤᠨ ᠦᠢᠯᠡᠰ ᠪᠤᠰᠬᠠᠵᠤ᠂ ᠰᠡᠳᠭᠢᠯ | ᠨᠢᠭᠡᠳᠦᠨ ᠬᠦᠰᠡᠯ ᠵᠡᠭᠦᠳᠦ ᠪᠠᠨ ᠲᠡᠷᠬᠡᠯᠰᠢᠬᠦᠯᠵᠤ᠂ ᠪᠣᠬᠢᠷᠲᠤᠯ ᠥᠬᠡᠶ ᠪᠠᠷ ᠡᠨᠤᠷᠬᠢ ᠣᠯᠭᠤᠬᠤ ᠰᠢᠨ᠎ᠡ ᠤᠷᠤᠯᠳᠤᠭᠠᠨ ᠤ ᠵᠠᠮ ᠳᠡᠭᠡᠷ᠎ᠡ ᠭᠤᠶᠢᠳᠠ ᠰᠠᠶᠢᠬᠠᠨ | ᠬᠠᠭᠤᠳᠠᠰᠤ ᠶᠢ ᠪᠢᠴᠢᠭᠯᠡᠵᠦ᠂ ᠬᠠᠮᠳᠤ ᠪᠠᠷ ᠦᠵᠡᠰᠭᠦᠯᠡᠩᠲᠦ ᠰᠠᠶᠢᠬᠠᠨ ᠢᠷᠡᠭᠡᠳᠦᠶ ᠶᠢ ᠵᠢᠷᠤᠭᠯᠠᠬᠤ ᠶᠢ ᠤᠭᠲᠤᠵᠤ ᠪᠠᠶᠢᠨ᠎ᠠ᠃ | | |