ᠣᠶᠢᠷ᠎ᠠ ᠶᠢᠨ ᠵᠢᠯ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠦᠢᠯᠡᠴᠢᠯᠡᠭᠡ ᠶᠢ ᠬᠢᠨᠠᠯᠲᠠ ᠬᠠᠮᠢᠶᠠᠷᠤᠯᠲᠠ ᠶᠢᠨ | ᠡᠮᠦᠨ᠎ᠡ ᠬᠡᠷᠡᠭᠵᠢᠭᠦᠯᠬᠦ︾ ᠣᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠪᠣᠯᠪᠠᠰᠤᠨ ᠬᠠᠤᠯᠢ ᠬᠡᠷᠡᠭᠵᠢᠭᠦᠯᠦᠯᠲᠡ ᠶᠢ ᠡᠳᠦᠷ ᠳᠣᠳᠣᠮ ᠤᠨ ᠠᠵᠢᠯ ᠤᠨ ᠭᠤᠭᠴᠤᠭ᠎ᠠ | ᠨᠢᠭᠡᠪᠦᠷᠢ ᠳᠤ ᠨᠡᠪᠴᠢᠭᠦᠯᠦᠨ᠂ ᠪᠠᠲᠤ ᠪᠠᠬᠢ ᠠᠯᠬᠤᠮ ᠢᠶᠠᠷ ᠬᠠᠷᠢᠭᠤᠴᠠᠯᠭ᠎ᠠ ᠡᠭᠦᠷᠭᠡᠯᠡᠯ ᠢ ᠦᠢᠯᠡᠳᠦᠯᠭᠡᠵᠢᠭᠦᠯᠵᠦ᠂ ᠨᠠᠷᠢᠨ ᠨᠢᠭᠲᠠ ᠣᠪᠣᠷ ᠰᠤᠷᠲᠠᠯ ᠢᠶᠠᠷ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠠᠬᠢᠭᠤᠯᠵᠤ᠂ ᠪᠣᠯᠪᠠᠰᠤᠨ ᠬᠤᠲᠠ ᠶᠢᠨ ᠰᠢᠨ᠎ᠡ ᠵᠢᠷᠤᠭ ᠢ ᠵᠢᠷᠤᠭᠯᠠᠭᠰᠠᠨ ᠪᠠᠶᠢᠨ᠎ᠠ᠃ | ᠬᠡᠳᠦᠨ ᠡᠳᠦᠷ ᠤᠨ ᠲᠤᠷᠰᠢ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠤᠷᠢᠭ ᠬᠤᠪᠢᠶᠠᠨ ᠪᠠᠶᠢᠴᠠᠭᠠᠬᠤ | ᠬᠡᠯᠪᠡᠷᠢ ᠪᠠᠷ ᠳᠠᠮᠵᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠠᠰᠠᠨ ᠴᠡᠭᠴᠡᠯᠡᠯᠲᠡ ᠥᠷᠨᠢᠭᠦᠯᠪᠡ᠃ ᠰᠤᠷᠭᠠᠭᠤᠯᠢ ᠶᠢᠨ ᠬᠦᠷᠢᠶᠡᠨ ᠤ ᠡᠷᠬᠢᠨ | ᠲᠣᠭᠤᠷᠢᠨ ᠤ ᠬᠤᠳᠠᠯᠳᠤᠭᠠᠨ ᠤ ᠡᠷᠦᠬᠡ ᠶᠢᠨ ᠭᠡᠷᠡᠴᠢ ᠦᠨᠡᠮᠯᠡᠯ ᠤᠨ ᠬᠢᠷᠢ ᠬᠡᠮ ᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠢᠳᠡᠭᠡᠨ ᠤᠮᠳᠠᠭᠠᠨ ᠤ | ᠨᠢᠭᠡᠴᠡ ᠶᠢᠨ ᠲᠣᠭᠤᠭᠠᠨ ᠬᠡᠷ ᠤᠨ ᠡᠷᠡᠭᠦᠯ ᠬᠠᠮᠠᠭᠠᠯᠠᠯ᠂ ᠠᠷᠢᠭᠤᠳᠬᠠᠬᠤ ᠶᠠᠪᠤᠴᠠ ᠵᠢᠴᠢ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭ᠎ᠠ | ᠪᠠᠶᠢᠴᠠᠭᠠᠪᠠ᠃ ᠬᠠᠤᠯᠢ ᠬᠡᠷᠡᠭᠵᠢᠭᠦᠯᠬᠦ ᠶᠠᠪᠤᠴᠠ ᠳᠤ᠂ ᠠᠵᠢᠯᠲᠠᠳ ᠬᠢᠨᠠᠨ ᠬᠠᠮᠢᠶᠠᠷᠬᠤ ᠪᠠ ᠦᠢᠯᠡᠴᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ | ᠥᠯᠥ ᠪᠦᠷᠢᠯᠭᠡᠬᠦ ᠠᠵᠢᠯᠯᠠᠭ᠎ᠠ︾ ᠶᠢᠨ ᠤᠬᠠᠭᠤᠯᠭ᠎ᠠ ᠶᠢᠨ ᠵᠠᠷᠯᠠᠯ ᠨᠠᠭᠠᠬᠤ᠂ ᠪᠣᠯᠪᠠᠰᠤᠨ ᠢᠶᠠᠷ ᠬᠤᠭᠤᠯᠠᠯᠠᠬᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠨ᠂ ᠬᠤᠳᠠᠯᠳᠤᠭᠠᠨ ᠤ ᠡᠷᠦᠬᠡ ᠪᠠ ᠬᠡᠷᠡᠭᠯᠡᠭᠴᠢᠳ ᠢ ᠢᠳᠡᠪᠬᠢᠲᠡᠶ ᠬᠥᠲᠥᠯᠥᠨ ᠵᠢᠯᠣᠭᠤᠳᠴᠤ ᠠᠷᠪᠢᠯᠠᠨ ᠭᠠᠮᠨᠠᠬᠤ ᠣᠶᠢᠯᠠᠭᠠᠭᠳᠠᠬᠤᠨ ᠢ | ᠦᠢᠯᠡᠳᠦᠯᠭᠡᠵᠢᠭᠦᠯᠪᠡ᠃ ᠡᠭᠦᠨ ᠤ ᠬᠠᠮᠲᠤ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠳᠤ ᠴᠢᠭᠯᠡᠭᠦᠯᠦᠨ᠂ | ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠡᠷᠬᠢᠨ ᠲᠣᠭᠤᠷᠢᠨ ᠤ ᠬᠤᠳᠠᠯᠳᠤᠭᠠᠨ ᠤ ᠲᠣᠤᠷ ᠴᠡᠭ ᠢ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ | ᠲᠠᠸᠠᠷ ᠤᠨ ᠦᠨ᠎ᠡ ᠬᠠᠩᠰᠢ ᠶᠢ ᠢᠯᠡ ᠬᠠᠳᠠᠬᠤ ᠠᠵᠢᠯᠯᠠᠭ᠎ᠠ ᠶᠢ ᠭᠤᠤᠯᠳᠠᠯᠭ᠎ᠠ ᠲᠠᠢ ᠵᠢᠷᠤᠮᠵᠢᠭᠤᠯᠤᠨ᠂ ᠡᠯ᠎ᠡ ᠲᠥᠷᠥᠯ ᠤᠨ ᠦᠨ᠎ᠡ ᠬᠠᠩᠰᠢ ᠶᠢᠨ ᠮᠡᠬᠡᠯᠡᠯ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠂ | ᠵᠢᠭᠤᠯᠴᠢᠯᠠᠭᠴᠢᠳ ᠲᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ | ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠡᠭᠦᠷᠢᠳᠡ ᠵᠣᠭᠰᠣᠰᠢ ᠦᠭᠡᠢ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠣᠶᠤᠨ ᠤ | ᠪᠣᠯᠪᠠᠰᠤᠨ ᠤ ᠪᠠᠶᠢᠭᠤᠯᠤᠯᠲᠠ ᠬᠢᠭᠡᠳ ᠠᠵᠢᠯ ᠲᠥᠷᠥᠯ ᠤᠨ ᠬᠠᠮᠢᠶᠠᠷᠤᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ | ᠰᠢᠨ᠎ᠡ ᠶᠢ ᠡᠭᠦᠳᠴᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠲᠥᠷᠥᠯ ᠤᠨ ᠪᠣᠯᠪᠠᠰᠤᠨ ᠦᠢᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠠᠮᠤᠷ ᠲᠦᠪᠰᠢᠨ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | | | |