ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠢ ᠵᠣᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/13
      6 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠭᠤᠷᠪᠠᠳᠤᠭᠠᠷ ᠬᠤᠭᠤᠴᠠᠭᠠᠨ ᠤ ᠦᠬᠡᠷᠲᠦ ᠬᠦᠢᠲᠡᠨ ᠤ ᠥᠯᠥᠭᠡᠢ ᠨᠠᠭᠠᠳᠤᠮ ᠬᠦᠳᠡᠭᠡ ᠲᠤᠰᠬᠤᠨ ᠤ ᠦᠳᠡᠰᠢᠯᠡᠭᠡ ᠶᠢᠨ ᠠᠷᠠᠳ ᠤᠨ ᠳᠠᠭᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠪᠠ ᠭᠤᠤᠯ ᠵᠤᠬᠢᠶᠠᠨ ᠪᠦᠲᠦᠭᠡᠬᠦ ᠪᠦᠯᠬᠦᠮ ᠤᠨ ᠶᠠᠷᠢᠯᠴᠠᠬᠤ ᠬᠤᠷᠠᠯ ᠬᠤᠷᠠᠯᠳᠤᠵᠤ ᠂ ᠬᠦᠯᠦᠨ ᠪᠤᠶᠢᠷ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠢ ᠡᠷᠬᠢᠯᠡᠵᠦ᠂ ᠤᠯᠤᠰ ᠤᠨ ᠨᠢᠭᠡᠳᠦᠭᠡᠷ ᠳᠡᠰ ᠤᠨ ᠠᠶ᠎ᠠ ᠵᠤᠬᠢᠶᠠᠭᠴᠢ᠂ ᠮᠤᠩᠭᠤᠯ ᠦᠨᠳᠦᠰᠦᠲᠡᠨ ᠤ ᠠᠯᠳᠠᠷᠲᠤ ᠤᠷᠠᠨ ᠪᠦᠲᠦᠭᠡᠯᠴᠢ ᠤᠯᠠᠭᠠᠨᠲᠤᠭ ᠵᠡᠷᠭᠡ ᠬᠦᠮᠦᠰ ᠤᠷᠢᠯᠭ᠎ᠠ ᠪᠠᠷ ᠤᠷᠤᠯᠴᠠᠪᠠ᠃      ᠬᠤᠷᠠᠯ ᠳᠡᠭᠡᠷ᠎ᠡ᠂ ᠵᠤᠬᠢᠶᠠᠨ ᠪᠦᠲᠦᠭᠡᠬᠦ ᠪᠦᠯᠬᠦᠮ ᠠᠴᠠ ᠭᠤᠷᠪᠠᠳᠤᠭᠠᠷ ᠬᠤᠭᠤᠴᠠᠭᠠᠨ ᠤ ᠦᠬᠡᠷᠲᠦ ᠬᠦᠢᠲᠡᠨ ᠤ ᠥᠯᠥᠭᠡᠢ ᠨᠠᠭᠠᠳᠤᠮ ᠬᠦᠳᠡᠭᠡ ᠲᠣᠰᠬᠤᠨ ᠤ ᠦᠳᠡᠰᠢᠯᠡᠭᠡ ᠶᠢᠨ ᠠᠷᠠᠳ ᠤᠨ ᠳᠠᠭᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠤᠨ ᠲᠥᠰᠦᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠢᠯᠯᠠᠭᠠᠨ ᠤ ᠲᠥᠰᠦᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠪᠦᠬᠡᠪᠠᠶᠠᠷ᠂ ᠭᠤᠷᠪᠠᠳᠤᠭᠠᠷ ᠬᠤᠭᠤᠴᠠᠭᠠᠨ ᠤ ᠦᠬᠡᠷᠲᠦ ᠬᠦᠢᠲᠡᠨ ᠤ ᠥᠯᠥᠭᠡᠢ ᠨᠠᠭᠠᠳᠤᠮ ᠬᠦᠳᠡᠭᠡ ᠲᠣᠰᠬᠤᠨ ᠤ ᠦᠳᠡᠰᠢᠯᠡᠭᠡ ᠶᠢᠨ ᠠᠷᠠᠳ ᠤᠨ ᠳᠠᠭᠤᠨ ᠤ ᠨᠠᠶᠢᠷ ᠪᠣᠯ ᠮᠠᠨ ᠤ ᠬᠤᠰᠢᠭᠤᠨ ᠤ ᠠᠷᠠᠳ ᠤᠨ ᠵᠠᠩ ᠦᠢᠯᠡ ᠰᠣᠶᠣᠯ ᠤᠨ ᠷᠢᠳᠢ ᠰᠢᠳᠢ ᠶᠢ ᠳᠡᠯᠭᠡᠨ ᠦᠵᠡᠭᠦᠯᠬᠦ ᠴᠢᠬᠤᠯᠠ ᠴᠣᠩᠬᠤ ᠮᠥᠨ᠂ ᠪᠠᠰᠠ ᠴᠤ ᠮᠠᠯ ᠠᠵᠤ ᠠᠬᠤᠶ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠵᠣᠬᠢᠶᠠᠨ ᠪᠦᠲᠦᠭᠡᠬᠦ ᠪᠦᠯᠬᠦᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠠᠵᠢᠯᠯᠠᠭᠠᠨ ᠤ ᠲᠥᠰᠦᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ ᠢᠯᠡᠷᠡᠭᠦᠯᠦᠭᠰᠡᠨ᠂ ᠴᠠᠭ ᠦᠶ᠎ᠡ ᠶᠢᠨ ᠵᠣᠷᠢᠭ ᠰᠠᠨᠠᠭ᠎ᠠ ᠪᠠᠷ ᠪᠠᠶᠠᠯᠢᠭ ᠰᠣᠶᠣᠯ ᠤᠨ ᠦᠪᠡᠳᠡᠭᠰᠢ ᠨᠠᠶᠢᠷ ᠢ ᠨᠠᠷᠢᠨ ᠨᠢᠮᠪᠠᠢ ᠴᠣᠭᠴᠠᠯᠠᠵᠤ᠂ ᠠᠵᠢᠯᠯᠠᠭᠠᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠨᠠᠷᠠᠲᠤ ᠲᠡᠮᠳᠡᠭᠲᠦ ᠶᠢᠨ ᠰᠢᠨ᠎ᠡ ᠶᠢ ᠡᠭᠦᠳᠦᠨ ᠳᠡᠯᠭᠡᠨ ᠦᠵᠡᠭᠦᠯᠵᠦ᠂ ᠡᠯᠪᠡᠭ ᠳᠡᠯᠪᠡᠭ ᠰᠢᠯᠭᠠᠨ ᠦᠵᠡᠵᠦ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠠᠯ ᠠᠵᠤ ᠠᠬᠤᠢ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠷᠢᠰ ᠠᠵᠢᠯᠯᠠᠭ᠎ᠠ ᠪᠠᠷ ᠳᠠᠮᠵᠢᠭᠤᠯᠤᠨ ᠵᠤᠭᠠᠴᠠᠭᠰᠠᠳ ᠢ ᠣᠷᠣᠭᠤᠯᠤᠨ ᠠᠪᠴᠢᠷᠠᠵᠤ᠂ ᠬᠡᠷᠡᠭᠯᠡᠭᠡᠨ ᠤ ᠬᠥᠳᠡᠯᠭᠡᠬᠦ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠬᠡᠪᠠᠶᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠥᠪᠥᠷ ᠮᠣᠩᠭᠤᠯ ᠢᠶᠠᠷ ᠠᠶᠠᠯᠠᠨ ᠵᠤᠭᠠᠴᠠᠵᠤ ᠬᠥᠯᠥᠨ ᠪᠤᠶᠢᠷ ᠲᠤ ᠪᠠᠶᠠᠰᠤᠨ ᠴᠡᠩᠭᠡᠬᠦ︾᠂ ︽ᠭᠤᠷᠪᠠᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤ ᠨᠠᠭᠠᠳᠤᠮ ᠬᠦᠳᠡᠭᠡ ᠲᠣᠰᠬᠤᠨ ᠤ ᠦᠳᠡᠰᠢᠯᠡᠭᠡ ᠶᠢᠨ ᠠᠷᠠᠳ ᠤᠨ ᠳᠠᠭᠤᠨ ᠤ ᠨᠠᠶᠢᠷ︾ ᠤᠨ ᠰᠢᠷᠢᠰ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦ ᠠᠷᠠᠳ ᠢᠶᠠᠷ ᠢᠶᠠᠨ ᠳᠠᠶᠢᠴᠢᠯᠠᠬᠤ᠂ ᠪᠦᠬᠦ ᠣᠷᠣᠨ ᠪᠦᠰᠡ ᠪᠠᠷ ᠣᠷᠣᠯᠴᠠᠬᠤ᠂ ᠪᠦᠬᠦ ᠲᠠᠯ᠎ᠠ ᠪᠠᠷ ᠳᠡᠯᠭᠡᠨ ᠦᠵᠡᠭᠦᠯᠬᠦ᠂ ᠪᠦᠬᠦ ᠲᠠᠯ᠎ᠠ ᠪᠠᠷ ᠤᠬᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠢᠯᠯᠠᠭ᠎ᠠ ᠶᠢᠨ ᠪᠡᠯᠡᠳᠬᠡᠯ ᠠᠵᠢᠯ ᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠵᠣᠬᠢᠶᠠᠨ ᠪᠦᠲᠦᠭᠡᠬᠦ ᠪᠦᠯᠬᠦᠮ ᠲᠠᠢ ᠨᠢᠭᠲᠠ ᠬᠠᠮᠵᠢᠯᠴᠠᠵᠤ᠂ ᠪᠦᠬᠦ ᠶᠠᠪᠤᠴᠠ ᠶᠢᠨ ᠪᠠᠲᠤᠯᠠᠭ᠎ᠠ ᠶᠢᠨ ᠠᠵᠢᠯ ᠢ ᠪᠣᠳᠠᠲᠠᠢ ᠨᠠᠷᠢᠯᠢᠭ ᠬᠢᠵᠦ᠂ ᠭᠤᠷᠪᠠᠳᠤᠭᠠᠷ ᠬᠤᠭᠤᠴᠠᠭᠠᠨ ᠤ ᠦᠬᠡᠷᠲᠦ ᠬᠦᠢᠲᠡᠨ ᠤ ᠦᠯᠦᠭᠡᠢ ᠨᠠᠭᠠᠳᠤᠮ ᠬᠦᠳᠡᠭᠡ ᠲᠣᠰᠬᠤᠨ ᠤ ᠦᠳᠡᠰᠢᠯᠡᠭᠡ ᠶᠢ ᠣᠷᠣᠨ ᠪᠦᠰᠡ ᠶᠢᠨ ᠣᠨᠴᠠᠯᠢᠭ ᠲᠠᠢ᠂ ᠰᠣᠶᠣᠯ ᠤᠨ ᠷᠢᠳᠢ ᠰᠢᠳᠢ ᠶᠢ ᠢᠯᠡᠷᠡᠭᠦᠯᠦᠭᠰᠡᠨ᠂ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠦᠭᠰᠡᠨ ᠦᠪᠡᠳᠡᠭᠰᠢ ᠴᠤᠭᠯᠠᠭᠠᠨ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ