ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠬᠠᠮᠲᠤ ᠪᠠᠷ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/13
       6 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠬᠠᠮᠲᠤ ᠪᠠᠷ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠠᠮᠲᠤ ᠪᠠᠷ ᠰᠤᠷᠤᠯᠴᠠᠵᠤ᠂ ᠬᠤᠷᠠᠯ ᠳᠤ ᠣᠷᠣᠯᠴᠠᠭᠰᠠᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃      ᠪᠦᠬᠡᠪᠠᠶᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠤᠱᠯᠠᠭᠤᠯᠤᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠭᠠᠷᠳᠠᠨ ᠬᠢᠬᠦ ᠴᠡᠭ ᠪᠣᠯᠭᠠᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠤᠨ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠵᠦ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠪᠠ ᠤᠯᠤᠰ ᠲᠦᠷᠦ ᠶᠢᠨ ᠬᠡᠪ ᠪᠣᠯᠪᠠᠰᠤᠷᠠᠯ ᠢ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭᠠᠨ ᠤ ᠦᠨᠳᠦᠰᠦ ᠰᠤᠷᠪᠤᠯᠵᠢ ᠠᠴᠠ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠢᠮᠠᠭᠲᠠ ᠳᠠᠪᠠᠵᠤ ᠪᠣᠯᠤᠰᠢ ᠦᠭᠡᠢ ᠤᠯᠠᠭᠠᠨ ᠱᠤᠭᠤᠮ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠬᠡᠪᠠᠶᠠᠷ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠦᠢᠯᠡᠳᠦᠯ ᠢ ᠴᠢᠩᠭᠠᠳᠬᠠᠨ᠂ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ ᠂ ᠲᠣᠭᠠᠴᠢᠯᠠᠭᠰᠠᠨ ᠠᠷᠭ᠎ᠠ ᠪᠠᠷᠢᠯ ᠢ ᠬᠡᠷᠡᠭᠯᠡᠨ ᠠᠰᠠᠭᠤᠳᠠᠯ ᠢ ᠢᠯᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠲᠠᠯ ᠪᠠ ᠢᠯᠵᠡᠷᠡᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠲᠦᠷᠢᠮ ᠲᠣᠭᠲᠠᠭᠠᠯ ᠢ ᠤᠬᠠᠭᠤᠯᠬᠤ ᠡᠷᠴᠢᠮ ᠢ ᠪᠦᠬᠦ ᠲᠠᠯ᠎ᠠ ᠪᠠᠷ ᠴᠢᠩᠭᠠᠳᠬᠠᠨ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠬᠠᠳᠠᠩᠰᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠥᠷᠥ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠡᠯ᠎ᠡ ᠡᠲᠡᠭᠡᠳ ᠲᠤ ᠬᠤᠰᠢᠭᠤᠨ ᠤ ᠨᠠᠮ ᠤᠨ ᠬᠤᠷᠢᠶᠠᠨ ᠤ ᠺᠠᠳ᠋ᠷᠴᠤᠳ ᠤᠨ ᠰᠤᠷᠲᠠᠯ ᠢ ᠬᠤᠪᠢᠷᠠᠭᠤᠯᠬᠤ ᠡᠷᠡᠰ ᠵᠣᠷᠢᠭ ᠢ ᠳᠠᠮᠵᠢᠭᠤᠯᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠲᠠᠯ᠎ᠠ ᠤᠨ ᠣᠯᠠᠨ ᠲᠦᠮᠡᠨ ᠤ ᠡᠷᠡᠰ ᠭᠤᠶᠢᠪᠢᠰᠢ ᠥᠬᠡᠶ ᠪᠠᠷ ᠨᠠᠮ ᠢᠶᠠᠨ ᠳᠠᠭᠠᠬᠤ ᠡᠷᠡᠰ ᠵᠣᠷᠢᠭ ᠪᠠ ᠢᠲᠡᠭᠡᠯ ᠵᠣᠷᠢᠭ ᠢ ᠲᠠᠰᠤᠷᠠᠯᠲᠠ ᠥᠬᠡᠶ ᠬᠥᠭᠵᠢᠭᠡᠬᠦ ᠬᠡᠷᠡᠭᠲᠡᠶ᠃ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠺᠠᠳ᠋ᠷᠴᠤᠳ ᠴᠡᠭᠴᠡᠯᠡᠯᠲᠡ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠢ ᠡᠷᠡᠰ ᠳᠠᠪᠲᠠᠨ ᠪᠣᠯᠪᠠᠰᠤᠷᠠᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠬᠡᠷᠡᠭ ᠰᠢᠢᠳᠪᠦᠷᠢᠯᠡᠬᠦ ᠴᠢᠳᠠᠪᠤᠷᠢ ᠪᠠ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠪᠦᠬᠡᠪᠠᠶᠠᠷ ᠪᠠᠰᠠ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ