ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠶ᠎ᠠ
ᠨᠡᠶᠢᠲᠡᠯᠡᠭᠰᠡᠨ ᠴᠠᠭ᠄
2025/6/13
      2025 ᠣᠨ ᠤ ᠳᠤᠮᠳᠠᠳᠤ ᠤᠯᠤᠰ ᠤᠨ ᠰᠦᠯᠵᠢᠶᠡᠨ ᠤ ᠪᠣᠯᠪᠠᠰᠤᠨ ᠤ ᠶᠡᠭᠡ ᠬᠤᠷᠠᠯ 6 ᠰᠠᠷ᠎ᠠ ᠶᠢᠨ 10 ᠤ ᠡᠳᠦᠷ ᠠᠴᠠ 11 ᠤ ᠡᠳᠦᠷ ᠪᠤᠯᠲᠠᠯ᠎ᠠ ᠠᠨᠾᠦ᠋ᠢ ᠶᠢᠨ ᠾᠧᠹᠧᠢ ᠳᠤ ᠶᠠᠪᠤᠭᠳᠠᠯ᠎ᠠ᠃ ᠲᠤᠰ ᠤᠳᠠᠭ᠎ᠠ ᠶᠢᠨ ᠶᠡᠭᠡ ᠬᠤᠷᠠᠯ ᠨᠢ ᠨᠠᠮ ᠤᠨ ᠰᠢᠨ᠎ᠡ ᠶᠢ ᠡᠭᠦᠳᠬᠦ ᠤᠨᠤᠯ ᠢ ᠰᠦᠯᠵᠢᠶᠡᠨ ᠳᠡᠭᠡᠷ᠎ᠡ ᠤᠯᠠᠮᠵᠢᠯᠠᠨ ᠳᠡᠯᠭᠡᠷᠡᠭᠦᠯᠬᠦ᠂ ᠰᠦᠯᠵᠢᠶᠡᠨ ᠤ ᠪᠣᠯᠪᠠᠰᠤᠨ ᠢ ᠪᠤᠶᠢᠵᠢᠭᠤᠯᠬᠤ᠂ ᠰᠦᠯᠵᠢᠶᠡᠨ ᠤ ᠰᠣᠶᠣᠯ ᠵᠡᠷᠭᠡ ᠴᠢᠬᠤᠯᠠ ᠶᠡᠭᠡ ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠤᠯᠠᠨ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠶᠢᠲᠡᠯᠡᠪᠡ᠃       ᠮᠡᠳᠡᠭᠡ ᠵᠠᠩᠭᠢ ᠶᠢᠨ ᠮᠡᠷᠭᠡᠵᠢᠯ ᠤᠨ ᠲᠦᠷᠭᠡᠨ ᠬᠥᠭᠵᠢᠯᠲᠡ ᠨᠢ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠭᠦᠨᠵᠡᠭᠡᠢ ᠬᠤᠪᠢᠷᠠᠭᠤᠯᠵᠤ᠂ ᠪᠠᠰᠠ ᠠᠯᠢ ᠤᠯᠠᠨ ᠰᠢᠨ᠎ᠡ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠰᠦᠯᠵᠢᠶᠡᠨ ᠤ ᠣᠷᠣᠨ ᠵᠠᠢ ᠶᠢᠨ ᠪᠤᠳᠤᠯᠢᠶᠠᠨᠲᠠᠢ ᠠᠮᠢ ᠠᠬᠤᠢ ᠨᠢ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠠᠭ ᠦᠶ᠎ᠡ ᠶᠢᠨ ᠲᠤᠯᠭᠠᠮ ᠬᠡᠷᠡᠭᠴᠡᠭᠡ ᠪᠤᠯᠭᠠᠵᠤ᠂ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠨ ᠵᠣᠬᠢᠴᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠣᠶᠣᠯ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ ᠢ ᠪᠠᠶᠢᠭᠤᠯᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠃ ᠳᠤᠮᠳᠠᠳᠤ ᠤᠯᠤᠰ ᠤᠨ ᠰᠦᠯᠵᠢᠶᠡᠨ ᠤ ᠪᠣᠯᠪᠠᠰᠤᠨ ᠤ ᠶᠡᠭᠡ ᠬᠤᠷᠠᠯ ᠶᠠᠭ ᠡᠶᠢᠮᠦᠷᠬᠦᠦ ᠠᠬᠤᠢ ᠪᠠᠶᠢᠳᠠᠯ ᠳᠣᠣᠷ᠎ᠠ ᠪᠤᠢ ᠪᠣᠯᠵᠤ᠂ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃       ᠰᠦᠯᠵᠢᠶᠡᠨ ᠤ ᠠᠮᠤᠷ ᠲᠦᠪᠰᠢᠨ ᠤ ᠬᠠᠤᠯᠢ ᠠᠴᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ ᠭᠦᠷᠲᠡᠯ᠎ᠡ᠂ ᠲᠤᠰᠬᠠᠢ ᠵᠠᠰᠠᠯᠲᠠ ᠶᠢᠨ ᠳᠦᠷᠢᠮ ᠠᠴᠠ ᠬᠥᠳᠡᠯᠦᠩᠭᠦᠢ ᠬᠢᠨᠠᠨ ᠬᠠᠮᠢᠶᠠᠷᠬᠤ ᠲᠣᠭᠲᠠᠴᠠ ᠭᠦᠷᠲᠡᠯ᠎ᠡ᠂ ᠰᠢᠯᠢᠳᠡᠭ ᠰᠦᠯᠵᠢᠶᠡᠴᠢᠳ ᠢ ᠰᠢᠯᠭᠠᠷᠠᠭᠤᠯᠬᠤ ᠠᠴᠠ ᠰᠢᠯᠢᠳᠡᠭ ᠪᠦᠲᠦᠭᠡᠯ ᠢ ᠳᠠᠮᠵᠢᠭᠤᠯᠬᠤ ᠭᠦᠷᠲᠡᠯ᠎ᠡ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠦᠵᠡᠯ ᠰᠠᠨᠠᠭ᠎ᠠ ᠪᠠᠨ ᠰᠣᠯᠢᠯᠴᠠᠬᠤ᠂ ᠲᠤᠷᠰᠢᠯᠭ᠎ᠠ ᠪᠠᠨ ᠬᠤᠪᠢᠶᠠᠯᠴᠠᠬᠤ ᠲᠠᠪᠴᠠᠩ ᠢ ᠪᠠᠶᠢᠭᠤᠯᠤᠨ ᠥᠭᠴᠦ᠂ ᠰᠦᠯᠵᠢᠶᠡᠨ ᠤ ᠣᠷᠣᠨ ᠵᠠᠢ ᠶᠢᠨ ᠡᠷᠡᠭᠦᠯ ᠢᠶᠠᠷ ᠬᠥᠭᠵᠢᠬᠦ᠂ ᠨᠡᠩ ᠲᠤᠩᠭᠠᠯᠠᠭ ᠰᠦᠯᠵᠢᠶᠡᠨ ᠤ ᠣᠷᠴᠢᠨ ᠲᠣᠭᠤᠷᠢᠨ ᠢ ᠪᠠᠶᠢᠭᠤᠯᠬᠤ᠂ ᠰᠠᠶᠢᠨ ᠰᠠᠶᠢᠬᠠᠨ ᠰᠦᠯᠵᠢᠶᠡᠨ ᠤ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠬᠦᠴᠦᠨ ᠨᠡᠮᠡᠷᠢᠯᠡᠪᠡ᠃       ᠳᠤᠮᠳᠠᠳᠤ ᠤᠯᠤᠰ ᠤᠨ ᠰᠦᠯᠵᠢᠶᠡᠨ ᠤ ᠪᠣᠯᠪᠠᠰᠤᠨ ᠤ ᠶᠡᠭᠡ ᠬᠤᠷᠠᠯ ᠢ ᠦᠷᠭᠦᠯᠵᠢᠯᠡᠨ ᠡᠷᠭᠢᠯᠡᠭᠰᠡᠨ ᠨᠢ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠠᠴᠠ ᠰᠢᠰᠲ᠋ᠧᠮ ᠲᠠᠢ ᠦᠢᠯᠡᠳᠦᠯᠭᠡ ᠲᠡᠶᠢᠰᠢ ᠭᠦᠨᠵᠡᠭᠡᠢ ᠬᠤᠪᠢᠷᠠᠵᠤ᠂ ᠤᠯᠠᠨ ᠲᠠᠯ᠎ᠠ ᠶᠢᠨ ᠤᠶᠤᠨ ᠤᠬᠠᠭᠠᠨ ᠢ ᠨᠢᠭᠲᠠᠷᠠᠭᠤᠯᠵᠤ᠂ ᠵᠠᠰᠠᠯᠲᠠ ᠶᠢᠨ ᠲᠤᠷᠰᠢᠯᠭ᠎ᠠ ᠶᠢ ᠪᠤᠯᠪᠠᠰᠤᠷᠠᠭᠤᠯᠵᠤ᠂ ᠰᠦᠯᠵᠢᠶᠡᠨ ᠤ ᠪᠣᠯᠪᠠᠰᠤᠨ ᠤ ᠦᠷᠳᠡᠭ ᠤᠨ ᠳᠠᠮᠵᠢᠭᠤᠯᠬᠤ ᠰᠢᠰᠲ᠋ᠧᠮ ᠢ ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃       2025 ᠣᠨ ᠤ ᠳᠤᠮᠳᠠᠳᠤ ᠤᠯᠤᠰ ᠤᠨ ᠰᠦᠯᠵᠢᠶᠡᠨ ᠤ ᠪᠣᠯᠪᠠᠰᠤᠨ ᠤ ᠶᠡᠭᠡ ᠬᠤᠷᠠᠯ ᠨᠢ ᠡᠯ᠎ᠡ ᠡᠲᠡᠭᠡᠳ ᠤᠨ ᠬᠥᠮᠥᠰ ᠢ ᠨᠢᠭᠡ ᠲᠠᠩᠬᠢᠮ ᠳᠤ ᠴᠤᠭᠯᠠᠷᠠᠭᠤᠯᠵᠤ᠂ ᠰᠦᠯᠵᠢᠶᠡᠨ ᠤ ᠪᠣᠯᠪᠠᠰᠤᠨ ᠤ ᠰᠢᠨ᠎ᠡ ᠶᠢ ᠡᠭᠦᠳᠬᠦ ᠠᠷᠭ᠎ᠠ ᠵᠠᠮ ᠢ ᠬᠠᠮᠲᠤ ᠪᠠᠷ ᠰᠦᠪᠡᠭᠴᠢᠯᠡᠨ᠂ ᠠᠮᠵᠢᠯᠲᠠ ᠣᠯᠣᠭᠰᠠᠨ ᠲᠤᠷᠰᠢᠯᠭ᠎ᠠ ᠪᠠᠨ ᠬᠤᠪᠢᠶᠠᠯᠴᠠᠵᠤ᠂ ᠨᠡᠩ ᠲᠤᠩᠭᠠᠯᠠᠭ ᠰᠦᠯᠵᠢᠶᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠨᠡᠮᠡᠷᠢᠯᠡᠵᠦ᠂ ᠰᠦᠯᠵᠢᠶᠡᠨ ᠤ ᠣᠷᠣᠨ ᠵᠠᠢ ᠶᠢᠨ ᠵᠠᠰᠠᠯᠲᠠ ᠶᠢ ᠰᠢᠨ᠎ᠡ ᠥᠨᠳᠥᠷᠴᠡ ᠲᠡᠶᠢᠰᠢ ᠠᠬᠢᠭᠤᠯᠵᠤ᠂ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠨᠢ ᠯᠠᠪᠲᠠᠢ ᠶᠤᠮ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ