ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ 2025 ᠣᠨ ᠤ 6 ᠰᠠᠷ᠎ᠠ ᠶᠢᠨ 16 ᠤ ᠡᠳᠦᠷ ᠤᠨ 09 ᠴᠠᠭ 17 ᠮᠢᠨᠦ᠋ᠲ ᠲᠤ | ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄ | 24 ᠴᠠᠭ ᠤᠨ ᠳᠣᠲᠣᠷ᠎ᠠ᠂ ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ ᠬᠦᠯᠦᠨ ᠪᠠᠯᠭᠠᠰᠤ᠂ ᠪᠣᠶᠢᠷ ᠰᠤᠮᠤ᠂ ᠬᠡᠷᠦᠯᠦᠨ ᠰᠣᠮᠣ᠂ ᠳᠠᠯᠠᠢ ᠰᠣᠮᠣ᠂ | ᠪᠣᠭᠳᠠᠠᠭᠤᠯᠠ ᠰᠣᠮᠣᠨ ᠳᠤ 7 ᠳᠡᠰ ᠠᠴᠠ ᠳᠡᠭᠡᠭᠰᠢ ᠰᠠᠯᠬᠢ ᠰᠠᠯᠬᠢᠯᠠᠨ᠎ᠠ᠂ ᠬᠤᠯᠪᠣᠭᠳᠠᠯ ᠪᠦᠬᠦᠢ ᠨᠢᠭᠡᠴᠡ ᠪᠠ ᠬᠥᠮᠥᠰ ᠰᠡᠷᠭᠡᠶᠢᠯᠡᠨ ᠬᠠᠮᠠᠭᠠᠯᠠᠬᠤ ᠪᠡᠯᠡᠳᠬᠡᠯ ᠠᠵᠢᠯ ᠢ | ᠰᠠᠶᠢᠲᠤᠷ ᠬᠢᠭᠡᠷᠡᠢ᠃ | ᠰᠡᠷᠭᠡᠶᠢᠯᠡᠯᠲᠡ ᠬᠢᠬᠦ ᠵᠢᠯᠣᠭᠤᠳᠣᠮᠵᠢ᠄ | 1. ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠶᠡᠭᠡ ᠰᠠᠯᠬᠢᠨ ᠠᠴᠠ ᠰᠡᠷᠭᠡᠶᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠢ︔ | 2. ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠦᠷᠢᠶ᠎ᠡ ᠬᠠᠰᠢᠶ᠎ᠠ᠂ ᠫᠧᠩ ᠰᠠᠷᠠᠪᠴᠢ᠂ ᠵᠠᠷ ᠤᠨ ᠫᠠᠶᠢᠰᠠ ᠵᠡᠷᠭᠡ ᠰᠠᠯᠬᠢᠨ ᠳᠤ ᠠᠮᠠᠷᠬᠠᠨ ᠦᠯᠢᠶᠡᠭᠳᠡᠬᠦ ᠡᠳ᠋ | ᠪᠣᠳᠠᠰ ᠢ ᠰᠠᠶᠢᠲᠤᠷ ᠪᠠᠬᠢᠯᠡᠨ᠂ ᠶᠡᠭᠡ ᠰᠠᠯᠬᠢᠨ ᠤ ᠨᠦᠯᠦᠭᠡ ᠶᠢ ᠠᠮᠠᠷᠬᠠᠨ ᠬᠦᠷᠲᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠢ ᠲᠦᠪᠬᠢᠨᠡᠭᠦᠯᠵᠦ᠂ ᠪᠠᠷᠢᠯᠭ᠎ᠠ ᠶᠢᠨ | ᠡᠳ᠋ ᠪᠣᠳᠠᠰ ᠢ ᠰᠠᠶᠢᠲᠤᠷ ᠳᠠᠷᠤᠵᠤ ᠪᠦᠲᠡᠭᠡᠬᠦ ᠬᠡᠷᠡᠭᠲᠡᠢ︔ | 3. ᠶᠠᠪᠠᠭᠠᠨ ᠬᠦᠮᠦᠨ ᠠᠯᠢ ᠴᠢᠳᠠᠬᠤ ᠪᠠᠷ ᠳᠤᠭᠤᠢ ᠲᠡᠷᠭᠡ ᠤᠨᠤᠬᠤ ᠦᠭᠡᠢ ᠪᠠᠶᠢᠵᠤ᠂ ᠰᠠᠯᠬᠢᠯᠠᠵᠤ ᠪᠠᠶᠢᠭ᠎ᠠ ᠦᠶ᠎ᠡ ᠳᠤ ᠵᠠᠷ ᠤᠨ ᠫᠠᠶᠢᠰᠠ ᠪᠠ ᠲᠦᠷ | ᠴᠠᠭ ᠤᠨ ᠪᠠᠷᠢᠯᠭ᠎ᠠ ᠵᠡᠷᠭᠡ ᠶᠢᠨ ᠳᠣᠣᠷ᠎ᠠ ᠵᠣᠭᠰᠣᠵᠤ ᠪᠣᠯᠬᠤ ᠦᠭᠡᠢ︔ | 4. ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃ | | ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ | 2025 ᠣᠨ ᠤ 6 ᠰᠠᠷ᠎ᠠ ᠶᠢᠨ 16 ᠤ ᠡᠳᠦᠷ |