︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ | ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 | ᠣᠨ ᠤ 6 ᠳ᠋ᠤᠭᠠᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ | 6 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ | ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ᠬᠠᠮᠲᠤ ︵ᠥᠷᠭᠡᠳᠬᠡᠭᠰᠡᠨ︶ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠪᠦᠬᠡᠪᠠᠶᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | 6 ᠰᠠᠷ᠎ᠠ ᠶᠢᠨ 9 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ | ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶᠠᠨ ᠤ | ᠰᠤᠷᠤᠯᠴᠠᠯᠭ᠎ᠠ ᠬᠥᠮᠦᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ | ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ | ᠡᠭᠦᠷᠭᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ᠃ | ᠰᠢᠨ᠎ᠡ ᠪᠠᠷᠭᠤ ᠪᠠᠷᠠᠭᠤᠨ ᠬᠤᠰᠢᠭᠤ ᠰᠦᠯᠵᠢᠶᠡᠨ ᠤ ᠠᠮᠤᠷ ᠲᠦᠪᠰᠢᠨ ᠤ ᠪᠤᠯᠪᠠᠰᠤᠷᠠᠯ ᠦᠷᠨᠢᠬᠦᠯᠪᠡ | 6 ᠰᠠᠷ᠎ᠠ ᠶᠢᠨ 10 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ ᠰᠦᠯᠵᠢᠶᠡᠨ ᠤ ᠠᠮᠤᠷ ᠲᠦᠪᠰᠢᠨ ᠤ ᠮᠡᠳᠡᠭᠡ ᠵᠠᠩᠭᠢ ᠶᠢᠨ ᠪᠣᠯᠪᠠᠰᠤᠷᠠᠯ ᠤᠨ ᠬᠤᠷᠠᠯ | ᠥᠷᠨᠢᠭᠦᠯᠵᠦ᠂ ᠺᠠᠳ᠋ᠷ ᠠᠵᠢᠯᠲᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠤᠯᠠᠮ ᠴᠢᠨᠠᠭᠰᠢᠳᠠ ᠪᠠᠬᠢᠵᠢᠭᠦᠯᠪᠡ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠶᠢᠨ 60 ᠭᠠᠷᠤᠶ ᠬᠥᠮᠦᠨ | ᠪᠣᠯᠪᠠᠰᠤᠷᠠᠯ ᠳᠤ ᠣᠷᠣᠯᠴᠠᠪᠠ᠃ | ᠪᠦᠬᠡᠪᠠᠶᠠᠷ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ | ᠬᠤᠷᠠᠯ ᠢ ᠡᠷᠬᠢᠯᠡᠨ ᠬᠤᠷᠠᠯᠳᠤᠭᠤᠯᠪᠠ | 6 ᠰᠠᠷ᠎ᠠ ᠶᠢᠨ 11 ᠤ ᠡᠳᠦᠷ᠂ ᠬᠦᠯᠦᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠲᠤᠰᠬᠠᠶ ᠰᠡᠳᠦᠪᠲᠦ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠠᠮᠵᠢᠯᠠᠯᠲᠤ ᠮᠠᠯ ᠠᠵᠤ ᠠᠬᠤᠶ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠲᠤᠬᠠᠶ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠰᠠᠶᠢᠨ ᠬᠤᠨᠢᠨ ᠤ ᠮᠢᠬ᠎ᠠ ᠶᠢ ᠦᠨᠳᠦᠷ ᠦᠨ᠎ᠡ ᠪᠠᠷ ᠬᠤᠳᠠᠯᠳᠤᠵᠤ᠂ ᠮᠠᠯᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ︾ | ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠵᠤ᠂ ︽ᠨᠢᠭᠡ ᠬᠡᠰᠡᠭ ᠭᠠᠵᠠᠷ ᠰᠢᠷᠤᠢ ᠳᠤ ᠣᠯᠠᠨ ᠦᠨᠡᠮᠯᠡᠯ ᠲᠠᠢ︾ ︽ᠨᠢᠭᠡ ᠬᠡᠰᠡᠭ ᠭᠠᠵᠠᠷ ᠰᠢᠷᠤᠢ ᠳᠤ ᠣᠯᠠᠨ | ᠨᠦᠬᠦᠪᠦᠷᠢ ᠲᠠᠢ︾ ᠪᠠᠶᠢᠬᠤ ᠠᠰᠠᠭᠤᠳᠠᠯ ᠢ ᠤᠶᠢᠯᠠᠭᠠᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠢ ᠵᠣᠯᠭᠠᠭᠤᠯᠬᠤ ᠬᠤᠷᠠᠯ ᠬᠤᠷᠠᠯᠳᠤᠪᠠ | 6 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠭᠤᠷᠪᠠᠳᠤᠭᠠᠷ ᠬᠤᠭᠤᠴᠠᠭᠠᠨ ᠤ ᠦᠬᠡᠷᠲᠦ ᠬᠦᠢᠲᠡᠨ ᠤ ᠥᠯᠥᠭᠡᠢ ᠨᠠᠭᠠᠳᠤᠮ ᠬᠦᠳᠡᠭᠡ ᠲᠤᠰᠬᠤᠨ ᠤ | ᠦᠳᠡᠰᠢᠯᠡᠭᠡ ᠶᠢᠨ ᠠᠷᠠᠳ ᠤᠨ ᠳᠠᠭᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠪᠠ ᠭᠤᠤᠯ ᠵᠤᠬᠢᠶᠠᠨ ᠪᠦᠲᠦᠭᠡᠬᠦ ᠪᠦᠯᠬᠦᠮ ᠤᠨ ᠶᠠᠷᠢᠯᠴᠠᠬᠤ ᠬᠤᠷᠠᠯ ᠬᠤᠷᠠᠯᠳᠤᠵᠤ | ᠂ ᠬᠦᠯᠦᠨ ᠪᠤᠶᠢᠷ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠢ | ᠡᠷᠬᠢᠯᠡᠵᠦ᠂ ᠤᠯᠤᠰ ᠤᠨ ᠨᠢᠭᠡᠳᠦᠭᠡᠷ ᠳᠡᠰ ᠤᠨ ᠠᠶ᠎ᠠ ᠵᠤᠬᠢᠶᠠᠭᠴᠢ᠂ ᠮᠤᠩᠭᠤᠯ ᠦᠨᠳᠦᠰᠦᠲᠡᠨ ᠤ ᠠᠯᠳᠠᠷᠲᠤ ᠤᠷᠠᠨ ᠪᠦᠲᠦᠭᠡᠯᠴᠢ ᠤᠯᠠᠭᠠᠨᠲᠤᠭ ᠵᠡᠷᠭᠡ ᠬᠦᠮᠦᠰ | ᠤᠷᠢᠯᠭ᠎ᠠ ᠪᠠᠷ ᠤᠷᠤᠯᠴᠠᠪᠠ᠃ ᠬᠤᠷᠠᠯ ᠳᠡᠭᠡᠷ᠎ᠡ᠂ ᠵᠤᠬᠢᠶᠠᠨ ᠪᠦᠲᠦᠭᠡᠬᠦ ᠪᠦᠯᠬᠦᠮ ᠠᠴᠠ ᠭᠤᠷᠪᠠᠳᠤᠭᠠᠷ ᠬᠤᠭᠤᠴᠠᠭᠠᠨ ᠤ ᠦᠬᠡᠷᠲᠦ ᠬᠦᠢᠲᠡᠨ ᠤ ᠥᠯᠥᠭᠡᠢ ᠨᠠᠭᠠᠳᠤᠮ | ᠬᠦᠳᠡᠭᠡ ᠲᠣᠰᠬᠤᠨ ᠤ ᠦᠳᠡᠰᠢᠯᠡᠭᠡ ᠶᠢᠨ ᠠᠷᠠᠳ ᠤᠨ ᠳᠠᠭᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠤᠨ ᠲᠥᠰᠦᠯ ᠢ ᠲᠠᠨᠢᠯᠴᠠᠭᠤᠯᠵᠤ᠂ ᠬᠤᠷᠠᠯ ᠳᠤ | ᠣᠷᠣᠯᠴᠠᠭᠰᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠢᠯᠯᠠᠭᠠᠨ ᠤ ᠲᠥᠰᠦᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠵᠢᠴᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠬᠤᠷᠠᠯ᠂ ᠬᠠᠮᠲᠤ ᠪᠠᠷ ᠶᠠᠷᠢᠯᠴᠠᠬᠤ ᠬᠤᠷᠠᠯ ᠬᠤᠷᠠᠯᠳᠤᠪᠠ | 6 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ | ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠬᠠᠮᠲᠤ ᠪᠠᠷ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | | |