ᠥᠪᠥᠷ ᠮᠣᠩᠭᠤᠯ ︽ᠦᠢᠯᠡᠰ ᠪᠤᠰᠬᠠᠵᠤ ᠤᠮᠠᠷᠠᠲᠤ ᠬᠢᠯᠢ ᠪᠠᠨ ᠬᠥᠭᠵᠢᠭᠦᠯᠦᠨ ᠮᠠᠨᠳᠤᠭᠤᠯᠬᠤ︾ ᠦᠢᠯᠡᠰ ᠪᠤᠰᠬᠠᠬᠤ ᠦᠢᠯᠡᠴᠢᠯᠡᠭᠡᠨ ᠤ ᠨᠠᠷᠠᠲᠤ ᠲᠡᠮᠳᠡᠭ ᠢ ᠬᠦᠴᠦᠯᠡᠨ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2025/6/16
  ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ︽ᠦᠢᠯᠡᠰ ᠪᠤᠰᠬᠠᠵᠤ ᠤᠮᠠᠷᠠᠲᠤ ᠬᠢᠯᠢ ᠪᠠᠨ ᠬᠥᠭᠵᠢᠭᠦᠯᠦᠨ ᠮᠠᠨᠳᠤᠭᠤᠯᠵᠤ᠂ ᠬᠦᠰᠡᠯ ᠢᠶᠠᠨ ᠬᠥᠭᠡᠭᠡᠴᠡᠯᠳᠦᠬᠦ ᠠᠶᠠᠨ ᠤ ᠡᠬᠢᠯᠡᠯᠲᠡ︾ ᠪᠠᠷ ᠭᠤᠣᠯ ᠰᠡᠳᠦᠪ ᠪᠣᠯᠭᠠᠵᠤ᠂ ︽ᠦᠢᠯᠡᠰ ᠪᠤᠰᠬᠠᠵᠤ ᠤᠮᠠᠷᠠᠲᠤ ᠬᠢᠯᠢ ᠪᠠᠨ ᠬᠥᠭᠵᠢᠭᠦᠯᠦᠨ ᠮᠠᠨᠳᠤᠭᠤᠯᠬᠤ︾ ᠦᠢᠯᠡᠰ ᠪᠤᠰᠬᠠᠬᠤ ᠦᠢᠯᠡᠴᠢᠯᠡᠭᠡᠨ ᠤ ᠨᠠᠷᠠᠲᠤ ᠲᠡᠮᠳᠡᠭ ᠢ ᠢᠳᠡᠪᠬᠢᠲᠡᠢ ᠴᠣᠭᠴᠠᠯᠠᠨ᠂ ︽ᠦᠢᠯᠡᠰ ᠪᠤᠰᠬᠠᠬᠤ ᠪᠣᠯᠪᠠᠰᠤᠷᠠᠯ᠂ ᠦᠢᠯᠡᠰ ᠪᠤᠰᠬᠠᠬᠤ ᠦᠢᠯᠡᠴᠢᠯᠡᠭᠡ᠂ ᠦᠢᠯᠡᠰ ᠪᠤᠰᠬᠠᠬᠤ ᠨᠡᠪᠴᠢᠭᠦᠯᠦᠭᠦᠷ᠂ ᠦᠢᠯᠡᠰ ᠪᠤᠰᠬᠠᠬᠤ ᠠᠵᠢᠯᠯᠠᠭ᠎ᠠ︾ ᠶᠢᠨ ᠬᠤᠯᠪᠣᠭᠠᠯᠠᠬᠤ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠳᠤ ᠬᠦᠴᠦᠨ ᠨᠡᠮᠡᠷᠢᠯᠡᠪᠡ᠃ ᠨᠢᠭᠡ ᠳᠤ ᠨᠢᠭᠡᠨ ᠲᠠᠪᠴᠠᠩ — ᠦᠢᠯᠡᠰ ᠪᠤᠰᠬᠠᠬᠤ ᠵᠢᠯᠣᠭᠤᠳᠤᠯᠭ᠎ᠠ ᠶᠢᠨ ᠶᠡᠭᠡ ᠪᠠᠭᠰᠢ ᠶᠢᠨ ᠲᠠᠰᠤᠭ ᠢ ᠴᠣᠭᠴᠠᠯᠠᠪᠠ᠃ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠦᠢᠯᠡᠰ ᠪᠤᠰᠬᠠᠬᠤ ᠪᠣᠯᠪᠠᠰᠤᠷᠠᠯ ᠤᠨ ᠪᠠᠶᠢᠭᠤᠯᠤᠮᠵᠢ ᠪᠠ ᠦᠢᠯᠡᠰ ᠪᠤᠰᠬᠠᠬᠤ ᠬᠦᠷᠢᠶᠡᠯᠡᠩ ᠤᠨ ᠨᠡᠪᠴᠢᠭᠦᠯᠦᠭᠦᠷ ᠰᠠᠭᠤᠷᠢᠨ ᠭᠠᠵᠠᠷ ᠲᠤ ᠲᠦᠰᠢᠭᠯᠡᠨ᠂ ᠦᠢᠯᠡᠰ ᠪᠤᠰᠬᠠᠬᠤ ᠵᠢᠯᠣᠭᠤᠳᠤᠯᠭ᠎ᠠ ᠶᠢᠨ ᠶᠡᠭᠡ ᠪᠠᠭᠰᠢ ᠶᠢᠨ ᠲᠠᠰᠤᠭ ᠢ 5 ᠪᠠᠶᠢᠭᠤᠯᠬᠤ ᠪᠠᠨ ᠠᠬᠢᠭᠤᠯᠪᠠ᠃ ᠬᠤᠶᠠᠷ ᠲᠤ ᠨᠢᠭᠡᠨ ᠡᠬᠢ ᠪᠠᠶᠠᠯᠢᠭ ᠤᠨ ᠬᠥᠮᠥᠷᠭᠡ — ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠪᠠ᠃ ᠴᠢᠨᠠᠷ ᠰᠠᠶᠢᠲᠠᠢ ᠦᠢᠯᠡᠰ ᠪᠤᠰᠬᠠᠭᠰᠠᠨ ᠲᠥᠷᠥᠯ ᠵᠦᠢᠯ ᠢ ᠡᠯᠰᠡᠨ ᠴᠤᠭᠯᠠᠭᠤᠯᠵᠤ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠲᠦᠷᠦᠭᠦᠸ ᠪᠦᠯᠦᠭ ᠲᠤ 100 ᠰᠢᠯᠢᠳᠡᠭ ᠦᠢᠯᠡᠰ ᠪᠤᠰᠬᠠᠭᠰᠠᠨ ᠲᠥᠷᠥᠯ ᠵᠦᠢᠯ ᠢ ᠨᠡᠶᠢᠲᠡᠯᠡᠨ᠂ ᠦᠢᠯᠡᠰ ᠪᠤᠰᠬᠠᠭᠴᠢ ᠳᠤ ᠨᠠᠩ ᠣᠯᠠᠨ ᠰᠣᠩᠭᠤᠯᠲᠠ ᠬᠠᠩᠭᠠᠪᠠ᠃ ᠭᠤᠷᠪᠠ ᠳᠤ ᠪᠠᠭᠰᠢ ᠶᠢᠨ ᠰᠣᠯᠢᠯᠴᠠᠭᠠᠨ ᠤ ᠲᠠᠪᠴᠠᠩ — ᠰᠦᠯᠵᠢᠶᠡᠨ ᠳᠡᠭᠡᠷᠡᠬᠢ ᠰᠣᠯᠢᠯᠴᠠᠭᠠᠨ ᠤ ᠬᠤᠷᠠᠯ ᠢ ᠪᠠᠶᠢᠭᠤᠯᠪᠠ᠃ ᠰᠦᠯᠵᠢᠶ᠎ᠡ ᠪᠠᠷ ᠰᠣᠯᠢᠯᠴᠠᠬᠤ᠂ ᠬᠡᠷᠡᠭ ᠤᠨ ᠵᠢᠱᠢᠶ᠎ᠡ ᠶᠢ ᠬᠤᠪᠢᠶᠠᠯᠴᠠᠬᠤ᠂ ᠲᠤᠷᠰᠢᠯᠭ᠎ᠠ ᠪᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ᠂ ᠨᠡᠶᠢᠲᠡ 38 ᠬᠤᠭᠤᠴᠠᠭᠠᠨ ᠤ ︽ᠡᠭᠦᠯᠡᠨ ᠳᠡᠭᠡᠷᠡᠬᠢ ᠬᠢᠴᠢᠶᠡᠯ ᠤᠨ ᠲᠠᠩᠬᠢᠮ︾ ᠤᠨ ᠦᠢᠯᠡᠰ ᠪᠤᠰᠬᠠᠬᠤ ᠪᠣᠯᠪᠠᠰᠤᠷᠠᠯ ᠪᠣᠯᠬᠤ ᠯᠧᠺᠲ᠋ᠣᠷ ᠤᠨ ᠰᠦᠯᠵᠢᠶᠡᠨ ᠳᠡᠭᠡᠷᠡᠬᠢ ᠰᠣᠯᠢᠯᠴᠠᠭᠠᠨ ᠤ ᠬᠤᠷᠠᠯ ᠢ ᠡᠷᠭᠢᠯᠡᠵᠦ᠂ ᠲᠦᠮᠡ ᠭᠠᠷᠤᠢ ᠬᠥᠮᠥᠨ ᠤᠳᠠᠭ᠎ᠠ ᠶᠢ ᠲᠡᠳᠡᠨ ᠣᠷᠣᠯᠴᠠᠭᠤᠯᠵᠠᠢ᠃ ᠳᠥᠷᠪᠡ ᠳᠤ ᠠᠷᠠᠳ ᠲᠤ ᠠᠰᠢᠭ ᠬᠦᠷᠲᠡᠭᠡᠬᠦ‍ ᠨᠢᠭᠡ ᠵᠦᠢᠯ ᠤᠨ ᠲᠥᠷᠥ ᠶᠢᠨ ᠪᠣᠳᠣᠯᠭ᠎ᠠ — ᠦᠢᠯᠡᠰ ᠪᠤᠰᠬᠠᠬᠤ ᠨᠢᠭᠡ ᠯᠡ ᠤᠳᠠᠭ᠎ᠠ ᠶᠢᠨ ᠴᠢᠨᠠᠷᠲᠠᠢ ᠨᠡᠮᠡᠭᠦᠷᠢ ᠶᠢᠨ ᠲᠦᠷᠦ ᠶᠢᠨ ᠪᠣᠳᠣᠯᠭ᠎ᠠ ᠶᠢᠨ ᠵᠡᠷᠭᠡ ᠳᠡᠰ ᠢ ᠳᠡᠪᠰᠢᠭᠦᠯᠪᠡ᠃ 3 ᠬᠥᠮᠥᠨ ᠠᠴᠠ ᠳᠡᠭᠡᠭᠰᠢᠬᠢ ᠠᠵᠢᠯ ᠣᠯᠭᠤᠯᠲᠠ ᠶᠢ ᠳᠠᠶᠢᠴᠢᠯᠠᠭᠰᠠᠨ᠂ ᠨᠡᠶᠢᠭᠡᠮ ᠤᠨ ᠳᠠᠭᠠᠳᠬᠠᠯ ᠲᠤᠰᠢᠶᠠᠭᠠᠳ ᠪᠦᠬᠦᠯᠢ ᠨᠢᠭᠡ ᠵᠢᠯ ᠪᠣᠯᠤᠭᠰᠠᠨ ᠦᠢᠯᠡᠰ ᠪᠤᠰᠬᠠᠭᠴᠢ ᠳᠤ 2 ᠲᠦᠮᠡᠨ ᠲᠥᠭᠦᠷᠢᠭ ᠤᠨ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠭᠰᠠᠨ ᠨᠢᠭᠡ ᠯᠡ ᠤᠳᠠᠭ᠎ᠠ ᠶᠢᠨ ᠴᠢᠨᠠᠷᠲᠠᠢ ᠨᠡᠮᠡᠭᠦᠷᠢ ᠣᠯᠭᠤᠨ᠎ᠠ︔ 3 ᠵᠢᠯ ᠭᠠᠷᠤᠢ ᠡᠵᠡᠩᠨᠡᠨ ᠠᠵᠢᠯᠯᠠᠭᠰᠠᠨ ᠪᠥᠭᠡᠳ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠥᠨ ᠤ ᠲᠤᠭ᠎ᠠ ᠨᠢ ᠬᠠᠰᠤᠭᠳᠠᠭᠰᠠᠨ ᠦᠭᠡᠢ ᠪᠠᠶᠢᠪᠠᠯ᠂ ᠳᠠᠬᠢᠭᠠᠳ 2 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ ᠲᠠᠪᠤ ᠳᠤ ᠠᠯᠢ ᠣᠯᠠᠨ ᠠᠵᠢᠯᠯᠠᠭ᠎ᠠ — ᠲᠤᠯᠤᠭᠠᠨ ᠵᠦᠢᠯ ᠤᠨ ᠠᠵᠢᠯᠯᠠᠭ᠎ᠠ ᠶᠢ ᠠᠬᠢᠭᠤᠯᠪᠠ᠃ ︽ᠦᠢᠯᠡᠰ ᠪᠤᠰᠬᠠᠬᠤ ᠳᠤ ᠠᠮᠠᠷ︾ ᠵᠡᠷᠭᠡ ᠰᠢᠷᠢᠰ ᠠᠵᠢᠯᠯᠠᠭ᠎ᠠ ᠳᠤ ᠲᠦᠰᠢᠭᠯᠡᠨ᠂ ᠠᠵᠢᠯᠯᠠᠭ᠎ᠠ ᠶᠢᠨ ᠠᠭᠤᠯᠭ᠎ᠠ ᠶᠢ ᠥᠷᠭᠡᠳᠬᠡᠨ ᠤᠷᠲᠤᠳᠬᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠲᠥᠷᠥᠯ ᠵᠦᠢᠯ ᠢ ᠳᠡᠯᠭᠡᠨ ᠦᠵᠡᠭᠦᠯᠬᠦ᠂ ᠪᠡᠯᠡ ᠲᠣᠬᠢᠷᠠᠭᠤᠯᠭ᠎ᠠ ᠶᠢ ᠵᠣᠯᠭᠠᠭᠤᠯᠬᠤ᠂ ᠣᠷᠣᠨ ᠪᠦᠰᠡ ᠶᠢᠨ ᠦᠢᠯᠡᠰ ᠪᠤᠰᠬᠠᠬᠤ ᠶᠢᠨ ᠬᠤᠯᠪᠣᠭ᠎ᠠ ᠪᠠᠶᠢᠭᠤᠯᠬᠤ᠂ ᠪᠠᠭᠰᠢ ᠨᠠᠷ ᠢ ᠰᠣᠯᠪᠢᠴᠠᠨ ᠲᠣᠮᠢᠯᠠᠬᠤ ᠵᠡᠷᠭᠡ ᠣᠨᠴᠠᠯᠢᠭᠲᠤ ᠦᠢᠯᠡᠴᠢᠯᠡᠭᠡᠨ ᠢ ᠦᠷᠨᠢᠭᠦᠯᠪᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ