6 ᠰᠠᠷ᠎ᠠ ᠶᠢᠨ 11 ᠠᠴᠠ 14 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠰᠢᠤᠸᠠᠶᠢᠺᠧᠯᠠᠶᠢᠲ᠋ᠢ•ᠵᠠᠺᠧᠯ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠣᠯᠣᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠲᠥᠯᠪᠦᠷᠢ ᠶᠢ | ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠥᠷᠨᠢᠭᠦᠯᠪᠡ᠃ 6 ᠰᠠᠷ᠎ᠠ ᠶᠢᠨ 11 ᠤ ᠦᠳᠡ ᠶᠢᠨ | ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠭᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠰᠢᠤᠸᠠᠶᠢᠺᠧᠯᠠᠶᠢᠲ᠋ᠢ•ᠵᠠᠺᠧᠯ ᠲᠠᠢ ᠪᠠᠷᠠᠳᠠᠨ ᠠᠭᠤᠯᠵᠠᠪᠠ᠃ | ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠪᠠ᠃ | ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠤᠸᠠᠶᠢᠺᠧᠯᠠᠶᠢᠲ᠋ᠢ•ᠵᠠᠺᠧᠯ ᠪᠠᠶᠢᠴᠠᠭᠠᠨ ᠰᠤᠳᠤᠯᠬᠤ | ᠳᠤᠭᠤᠶᠢᠯᠠᠩ ᠤᠨ ᠡᠮᠦᠨ᠎ᠡ ᠠᠴᠠ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠰᠠᠶᠢᠨ ᠲᠤᠷᠰᠢᠯᠭ᠎ᠠ ᠰᠠᠶᠢᠨ ᠬᠢᠳᠡᠯ ᠢ ᠭᠦᠢᠴᠡᠳ | ᠨᠤᠲᠠᠯᠠᠪᠠ᠃ ᠲᠡᠷᠡ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠡᠯ᠎ᠡ ᠲᠠᠯ᠎ᠠ ᠶᠢᠨ ᠠᠵᠢᠯ ᠢ | ᠠᠬᠢᠭᠤᠯᠵᠤ᠂ ᠠᠵᠤ ᠠᠬᠤᠢ ᠬᠥᠭᠵᠢᠭᠰᠡᠨ᠂ ᠦᠨᠳᠦᠰᠦᠲᠡᠨ ᠪᠦᠯᠬᠦᠮᠳᠡᠭᠰᠡᠨ᠂ ᠨᠡᠶᠢᠭᠡᠮ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠰᠠᠶᠢᠬᠠᠨ | ᠪᠠᠶᠢᠳᠠᠯ ᠢ ᠪᠠᠲᠤᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠣᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ | ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃ ᠲᠡᠷᠡ᠂ ᠦᠨᠳᠦᠰᠦᠲᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ | ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠲᠦᠷᠭᠡᠳᠬᠡᠵᠦ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠰᠢᠭᠢᠳᠬᠡᠬᠦ | ᠦᠢᠯᠡᠳᠦᠯᠭᠡ ᠶᠢᠨ ᠠᠷᠭ᠎ᠠ ᠵᠠᠮ ᠢ ᠭᠦᠨᠵᠡᠭᠡᠢ ᠥᠷᠭᠡᠳᠬᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠣᠯᠣᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠤᠷᠢᠳ ᠬᠤᠵᠢᠳ ᠭᠦᠭᠡᠬᠤᠲᠠ᠂ ᠣᠷᠳᠣᠰ ᠬᠤᠳᠠ᠂ ᠪᠤᠭᠤᠲᠤ ᠬᠤᠳᠠ ᠳᠤ ᠭᠦᠨᠵᠡᠭᠡᠶᠢᠷᠡᠨ ᠬᠤᠯᠪᠣᠭᠳᠠᠯ | ᠪᠦᠬᠦᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠪᠠᠷ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ | ᠣᠶᠢᠯᠠᠭᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠸᠠᠩ ᡁᠢ ᠮᠢᠨ᠂ | ᠬᠤᠸᠠᠩ ᠵᠢᠶᠦ᠋ᠨ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠢᠦᠢ ᠯᠢ ᠰᠢᠨ᠂ | ᠠᠢ ᠯᠢ ᠬᠤᠸᠠ᠂ ᠴᠢ᠊ ᠪᠠᠲᠤ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃ |