ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠥᠪ ︵ᠲᠣᠪᠴᠢᠶ᠎ᠠ︶ ᠤᠨ 2025 ᠣᠨ ᠤ ᠰᠢᠨ᠎ᠡ ᠦᠭᠡᠰ ᠨᠡᠷ᠎ᠡ ᠲᠣᠮᠢᠶᠠᠨ ᠤ ᠮᠣᠩᠭᠤᠯ ᠣᠷᠴᠢᠭᠤᠯᠭ᠎ᠠ ᠶᠢ ᠬᠢᠨᠠᠨ ᠲᠣᠭᠲᠠᠭᠠᠬᠤ ᠡᠷᠳᠡᠮᠲᠡᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/17
      6 ᠰᠠᠷ᠎ᠠ ᠶᠢᠨ 14 ᠠᠴᠠ 15 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠥᠪ ︵ᠲᠣᠪᠴᠢᠶ᠎ᠠ︶᠂ ᠬᠥᠬᠡᠨᠠᠭᠤᠷ ᠤᠨ ᠦᠨᠳᠦᠰᠦᠲᠡᠨ ᠤ ᠶᠡᠭᠡ ᠰᠤᠷᠭᠠᠭᠤᠯᠢ᠂ ᠨᠠᠢᠮᠠᠨ ᠮᠤᠵᠢ ᠣᠷᠣᠨ ᠤ ᠮᠣᠩᠭᠤᠯ ᠭᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠠᠴᠠ ᠬᠠᠮᠲᠤᠷᠠᠵᠤ ᠡᠷᠭᠢᠯᠡᠭᠰᠡᠨ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠥᠪ ︵ᠲᠣᠪᠴᠢᠶ᠎ᠠ︶ ᠤᠨ 2025 ᠣᠨ ᠤ ᠰᠢᠨ᠎ᠡ ᠦᠭᠡᠰ ᠨᠡᠷ᠎ᠡ ᠲᠣᠮᠢᠶᠠᠨ ᠤ ᠮᠣᠩᠭᠤᠯ ᠬᠡᠯᠡᠨ ᠤ ᠣᠷᠴᠢᠭᠤᠯᠭ᠎ᠠ ᠶᠢ ᠬᠢᠨᠠᠨ ᠲᠣᠭᠲᠠᠭᠠᠬᠤ ᠡᠷᠳᠡᠮᠲᠡᠳ ᠤᠨ ᠬᠤᠷᠠᠯ ᠬᠥᠬᠡᠨᠠᠭᠤᠷ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠶᠠᠪᠤᠭᠳᠠᠪᠠ᠃      ᠪᠡᠭᠡᠵᠢᠩ᠂ ᠥᠪᠥᠷ ᠮᠣᠩᠭᠤᠯ᠂ ᠰᠢᠨᠵᠢᠶᠠᠩ᠂ ᠬᠥᠬᠡᠨᠠᠭᠤᠷ᠂ ᠭᠠᠨᠰᠤ᠂ ᠯᠢᠶᠣᠣᠨᠢᠩ ᠵᠡᠷᠭᠡ ᠮᠤᠵᠢ ᠣᠷᠣᠨ ᠠᠴᠠ ᠢᠷᠡᠭᠰᠡᠨ ᠮᠣᠩᠭᠤᠯ ᠭᠡᠯᠡ ᠪᠢᠴᠢᠭ ᠤᠨ ᠣᠷᠴᠢᠭᠤᠯᠭ᠎ᠠ ᠶᠢᠨ 30 ᠭᠠᠷᠤᠢ ᠡᠷᠳᠡᠮᠲᠡᠨ ᠨᠢᠭᠡ ᠵᠢᠯ ᠤᠨ ᠲᠤᠷᠰᠢᠬᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠪᠦᠭᠦ ᠤᠯᠤᠰ ᠤᠨ ᠬᠤᠶᠠᠷ ᠬᠤᠷᠠᠯ ᠤᠨ ᠪᠢᠴᠢᠭ ᠮᠠᠲ᠋ᠧᠷᠢᠶᠠᠯ ᠵᠢᠴᠢ ᠨᠠᠮ ᠵᠠᠰᠠᠭ ᠤᠨ ᠲᠤᠯᠭᠤᠷ ᠪᠢᠴᠢᠭ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠣᠷᠴᠢᠭᠤᠯᠭ᠎ᠠ ᠶᠢᠨ ᠠᠵᠢᠯ ᠤᠨ ᠳᠤᠮᠳᠠ ᠢᠯᠡᠷᠡᠭᠰᠡᠨ 150 ᠰᠢᠨ᠎ᠡ ᠦᠭᠡᠰ ᠨᠡᠷ᠎ᠡ ᠲᠣᠮᠢᠶᠠᠨ ᠤ ᠮᠣᠩᠭᠤᠯ ᠣᠷᠴᠢᠭᠤᠯᠭ᠎ᠠ ᠶᠢ ᠲᠥᠪᠯᠡᠷᠡᠭᠦᠯᠦᠨ ᠬᠢᠨᠠᠨ ᠲᠣᠭᠲᠠᠭᠠᠵᠤ᠂ ᠬᠤᠷᠠᠯ ᠠᠴᠠ ᠲᠣᠭᠲᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂  ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠥᠪ ︵ᠲᠣᠪᠴᠢᠶ᠎ᠠ︶ ᠰᠢᠨ᠎ᠡ ᠦᠭᠡᠰ ᠨᠡᠷ᠎ᠡ ᠲᠣᠮᠢᠶᠠᠨ ᠤ ᠣᠷᠴᠢᠭᠤᠯᠭ᠎ᠠ ᠶᠢ ᠬᠢᠨᠠᠨ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠶᠢᠷ᠎ᠠ ᠶᠢᠨ ᠵᠢᠯ ᠤᠳ ᠲᠤ ᠮᠣᠩᠭᠤᠯ᠂ ᠲᠥᠪᠡᠳ᠂ ᠤᠶᠢᠭᠤᠷ᠂ ᠬᠠᠰᠠᠭ᠂ ᠰᠣᠯᠣᠩᠭᠤᠰ᠂ ᠢ᠂ ᠵᠤᠸᠠᠩ ᠵᠡᠷᠭᠡ 7 ᠦᠨᠳᠦᠰᠦᠲᠡᠨ ᠤ ᠬᠡᠯᠡᠨ ᠤ ᠰᠢᠨ᠎ᠡ ᠦᠭᠡᠰ ᠨᠡᠷ᠎ᠡ ᠲᠣᠮᠢᠶᠠᠨ ᠤ ᠣᠷᠴᠢᠭᠤᠯᠭ᠎ᠠ ᠶᠢ ᠬᠢᠨᠠᠨ ᠲᠣᠭᠲᠠᠭᠠᠬᠤ ᠡᠷᠳᠡᠮᠲᠡᠳ ᠤᠨ ᠬᠤᠷᠠᠯ ᠢᠶᠠᠷ  ᠨᠡᠶᠢᠲᠡ 5 ᠲᠦᠮᠡ ᠰᠢᠬᠠᠮ ᠬᠢᠨᠠᠨ ᠲᠣᠭᠲᠠᠭᠠᠵᠤ᠂ ᠬᠤᠷᠠᠯ ᠳᠤ ᠤᠷᠤᠯᠴᠠᠬᠰᠠᠨ ᠡᠷᠳᠡᠮᠲᠡᠳ ᠪᠠᠷᠤᠭ 3600 ᠬᠥᠮᠥᠨ ᠤᠳᠠᠭ᠎ᠠ ᠳᠤ ᠬᠦᠷᠴᠦ᠂ ᠰᠢᠨ᠎ᠡ ᠦᠭᠡᠰ ᠨᠡᠷ᠎ᠡ ᠲᠣᠮᠢᠶᠠᠨ ᠤ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢ ᠵᠢᠷᠤᠮᠵᠢᠭᠤᠯᠬᠤ ᠠᠵᠢᠯ ᠤᠨ ᠡᠷᠡᠭᠦᠯ ᠢᠶᠠᠷ ᠬᠥᠭᠵᠢᠬᠦ ᠶᠢ ᠲᠠᠰᠤᠷᠠᠯᠳᠠ ᠦᠭᠡᠢ ᠠᠬᠢᠭᠤᠯᠤᠭᠰᠠᠨ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ