ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 5 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ | 14309 ᠲᠦᠮᠡᠨ ᠺᠢᠯᠣᠸᠠᠲ ᠲᠤ ᠬᠦᠷᠴᠦ᠂ ᠪᠦᠬᠦ ᠣᠷᠣᠨ ᠤ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 52% ᠢ ᠡᠵᠡᠯᠡᠵᠦ᠂ ᠪᠦᠬᠦ | ᠤᠯᠤᠰ ᠲᠠᠬᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠠᠨ 1.4 ᠳ᠋ᠦᠩᠰᠢᠭᠤᠷ ᠺᠢᠯᠣᠸᠠᠲ ᠢ ᠳᠠᠪᠠᠭᠤᠯᠤᠭᠰᠠᠨ ᠠᠩᠬᠠᠳᠠᠭᠴᠢ ᠮᠣᠵᠢ ᠣᠷᠣᠨ ᠪᠣᠯᠵᠤ᠂ ᠪᠦᠬᠦ | ᠤᠯᠤᠰ ᠤᠨ ᠰᠢᠨ᠎ᠡ ᠡᠨᠧᠷᠭᠢ ᠶᠢᠨ ᠬᠥᠭᠵᠢᠯᠲᠡ ᠳᠤ ᠲᠡᠷᠢᠭᠦᠨ ᠤ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠭᠰᠠᠨ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠤᠯᠤᠰ ᠤᠨ ᠴᠢᠬᠤᠯᠠ ᠡᠨᠧᠷᠭᠢ ᠶᠢ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠯᠤᠭ᠎ᠠ ᠨᠢᠭᠲᠠ ᠤᠶᠠᠯᠳᠤᠭᠤᠯᠤᠨ᠂ ᠰᠢᠨ᠎ᠡ ᠡᠨᠧᠷᠭᠢ ᠶᠢ ᠨᠡᠭᠡᠭᠡᠨ | ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ ᠲᠦᠷᠬᠡᠨ ᠠᠵᠢᠯᠯᠠᠭᠤᠯᠬᠤ ᠶᠢ ᠪᠠᠷᠢᠮᠲᠠᠯᠠᠵᠤ᠂ ᠴᠠᠬᠢᠯᠭᠠᠨ ᠬᠦᠴᠦᠨ ᠤ ᠲᠣᠤᠷ ᠤᠨ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠢᠨᠠᠨ ᠵᠥᠪᠰᠢᠶᠡᠷᠡᠬᠦ ᠭᠠᠷᠳᠠᠮ ᠢ ᠳᠥᠭᠦᠮᠴᠢᠯᠡᠵᠦ᠂ ᠴᠠᠬᠢᠯᠭᠠᠨ ᠬᠦᠴᠦᠨ ᠤ ᠲᠣᠤᠷ ᠤᠨ | ᠪᠠ ᠴᠠᠬᠢᠯᠭᠠᠨ ᠡᠭᠦᠰᠭᠡᠭᠴᠢ ᠶᠢᠨ ᠲᠥᠷᠥᠯ ᠵᠦᠢᠯ ᠤᠳ ᠢ ᠵᠡᠷᠭᠡ ᠪᠠᠷ ᠲᠥᠯᠥᠪᠵᠢᠭᠦᠯᠬᠦ᠂ ᠵᠡᠷᠭᠡ ᠪᠠᠷ ᠪᠥᠲᠥᠭᠡᠨ ᠪᠠᠶᠢᠭᠤᠯᠬᠤ᠂ ᠵᠡᠷᠭᠡ ᠪᠠᠷ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠬᠥᠭᠵᠢᠯᠲᠡ ᠶᠢ ᠪᠥᠬᠦ ᠤᠯᠤᠰ ᠲᠤ ᠳᠠᠭᠠᠭᠤᠯᠤᠨ ᠲᠦᠷᠦᠭᠦᠯᠡᠭᠦᠯᠬᠦ ᠶᠢ ᠪᠡᠶᠡᠯᠡᠭᠦᠯᠪᠡ᠃ ᠡᠨᠡ ᠵᠢᠯ ᠤᠨ 1 - 5 | ᠳ᠋ᠤᠭᠠᠷ ᠰᠠᠷ᠎ᠠ ᠳᠤ᠂ ᠪᠥᠬᠦ ᠣᠷᠣᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1247 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 39.5% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠶᠡᠷᠦᠩᠬᠡᠶ ᠬᠡᠮᠵᠢᠶᠡᠨ ᠤ 36% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 9 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠭᠠᠳᠠᠭᠰᠢ ᠬᠦᠷᠭᠡᠭᠰᠡᠨ ᠰᠢᠨ᠎ᠡ ᠡᠨᠧᠷᠭᠢ ᠶᠢᠨ ᠬᠡᠮᠵᠢᠶ᠎ᠡ 430 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62% ᠢᠶᠠᠷ ᠳᠡᠭᠡᠭᠰᠢᠯᠡᠪᠡ︔ ᠲᠤᠬᠠᠢ ᠶᠢᠨ ᠭᠠᠵᠠᠷ ᠣᠷᠣᠨ ᠳᠤ ᠪᠠᠨ ᠪᠠᠭᠲᠠᠭᠠᠨ ᠬᠡᠷᠡᠭᠯᠡᠭᠰᠡᠨ ᠬᠡᠮᠵᠢᠶ᠎ᠡ | 817 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.3% ᠪᠠᠷ ᠳᠡᠭᠡᠭᠰᠢᠯᠡᠪᠡ᠃ ᠤᠰᠤᠨ ᠤ ᠪᠤᠰᠤ ᠳᠠᠬᠢᠯᠲᠠ | ᠡᠨᠧᠷᠭᠢ ᠶᠢᠨ ᠴᠠᠬᠢᠯᠭᠠᠨ ᠬᠦᠴᠦᠨ ᠤ ᠪᠠᠭᠲᠠᠭᠠᠨ ᠬᠡᠷᠡᠭᠯᠡᠬᠦ ᠬᠠᠷᠢᠭᠤᠴᠠᠯᠭ᠎ᠠ ᠶᠢᠨ ᠡᠵᠡᠯᠡᠬᠦ ᠬᠤᠪᠢᠳᠠᠯ ᠨᠢ 36.8% ᠳᠤ ᠬᠦᠷᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠬᠢ ᠪᠠᠶᠠᠯᠢᠭ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ︽ᠡᠯᠡᠰᠦ ᠭᠤᠪᠢ ᠴᠥᠯ︾ | ᠭᠠᠵᠠᠷ ᠤᠨ ᠲᠣᠮᠣ ᠬᠡᠪᠴᠢᠶᠡᠨ ᠤ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ ᠭᠠᠵᠠᠷ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠠᠵᠤ ᠦᠢᠯᠡᠰ ᠢ ᠨᠢᠭᠡ ᠴᠣᠭᠴᠠᠵᠢᠭᠤᠯᠬᠤ᠂ ᠭᠡᠷᠡᠯᠴᠢ ᠴᠡᠨᠡᠭ ᠢᠶᠠᠷ ᠬᠠᠪᠰᠤᠷᠤᠨ ᠲᠡᠳᠬᠦᠬᠦ ᠵᠡᠷᠭᠡ | ᠭᠤᠤᠯᠳᠠᠯᠭ᠎ᠠ ᠪᠣᠯᠬᠤ ᠢᠨᠵᠧᠨᠧᠷᠢᠩ ᠤᠨ ᠲᠥᠷᠥᠯ ᠵᠦᠢᠯ ᠤᠳ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠰᠢᠨ᠎ᠡ ᠡᠨᠧᠷᠭᠢ ᠶᠢᠨ | ᠮᠠᠰᠢᠨ ᠴᠣᠭᠴᠠᠯᠠᠪᠤᠷᠢ ᠶᠢ ᠰᠢᠨ᠎ᠡ ᠪᠠᠷ 4000 ᠲᠦᠮᠡᠨ ᠺᠢᠯᠣᠸᠠᠲ ᠴᠠᠭ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠰᠢᠨ᠎ᠡ ᠡᠨᠧᠷᠭᠢ ᠶᠢᠨ ᠶᠡᠷᠦᠩᠬᠡᠶ ᠬᠡᠪᠴᠢᠶᠡᠵᠢᠯ ᠢ | 1.7 ᠳ᠋ᠦᠩᠰᠢᠭᠤᠷ ᠺᠢᠯᠣᠸᠠᠲ ᠴᠠᠭ ᠠᠴᠠ ᠳᠠᠪᠠᠭᠤᠯᠵᠤ᠂ ᠭᠠᠳᠠᠭᠰᠢ ᠬᠦᠷᠭᠡᠬᠦ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢ 1000 ᠳ᠋ᠦᠩᠰᠢᠭᠤᠷ ᠺᠢᠯᠣᠸᠠᠲ | ᠴᠠᠭ ᠠᠴᠠ ᠳᠠᠪᠠᠭᠤᠯᠵᠤ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠨᠡᠮᠡᠷᠢᠯᠡᠬᠦ | ᠪᠣᠯᠣᠨ᠎ᠠ᠃ |