6 ᠳ᠋ᠤᠭᠠᠷ ᠰᠠᠷ᠎ᠠ ᠶᠢᠨ 14 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠤᠯᠤᠰ ᠤᠨ ᠬᠠᠭᠤᠴᠢ ᠰᠤᠳᠤᠯᠤᠯ ᠪᠣᠯᠬᠤ | ᠪᠠᠭᠤᠷᠢ ᠶᠢᠨ 10 ᠴᠡᠴᠡᠷᠯᠢᠭ ᠤᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠰᠢᠷᠬᠤᠰᠤ ᠪᠠᠭᠤᠷᠢ ᠶᠢᠨ ᠴᠡᠴᠡᠷᠯᠢᠭ᠂ ᠬᠤᠷᠢᠨᠭᠡᠷ ᠤᠨ ᠲᠦ᠋ ᠴᠧᠩ ᠽᠢ | ᠪᠠᠭᠤᠷᠢ ᠶᠢᠨ ᠴᠡᠴᠡᠷᠯᠢᠭ ᠰᠣᠩᠭᠤᠭᠳᠠᠪᠠ᠃ | 2022 ᠣᠨ ᠤ 12 ᠳ᠋ᠤᠭᠠᠷ ᠰᠠᠷ᠎ᠠ ᠳᠤ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠨᠢ ᠤᠯᠤᠰ ᠤᠨ ᠬᠠᠭᠤᠴᠢ | ᠰᠤᠳᠤᠯᠤᠯ ᠤᠨ ᠪᠠᠭᠤᠷᠢ ᠶᠢᠨ ᠴᠡᠴᠡᠷᠯᠢᠭ ᠢᠶᠠᠷ ᠦᠨᠡᠯᠡᠭᠳᠡᠵᠦ᠂ ᠮᠠᠨ ᠤ ᠣᠷᠣᠨ ᠳᠤ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠦᠭᠡᠢ | ᠪᠠᠶᠢᠭᠰᠠᠨ ︽ᠬᠤᠭᠤᠰᠣᠨ︾ ᠢ ᠨᠦᠬᠦᠪᠦᠷᠢᠯᠡᠵᠡᠢ᠂ ᠥᠨᠥ ᠥᠪᠥᠷ ᠮᠣᠩᠭᠤᠯ ᠳᠤ ᠨᠢᠭᠡᠨᠲᠡ ᠤᠯᠤᠰ ᠤᠨ ᠬᠠᠭᠤᠴᠢ ᠰᠤᠳᠤᠯᠤᠯ ᠪᠣᠯᠬᠤ ᠪᠠᠭᠤᠷᠢ ᠶᠢᠨ 3 | ᠴᠡᠴᠡᠷᠯᠢᠭ ᠲᠠᠢ ᠪᠣᠯᠤᠭᠰᠠᠨ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠡᠳ᠋ ᠳᠠᠷᠤᠭ᠎ᠠ ᡁᠢ ᠰᠢᠶᠣᠣ ᠶᠦᠩ᠄ | ︽ᠬᠤᠷᠢᠨᠭᠡᠷ ᠤᠨ ᠲᠦ᠋ ᠴᠧᠩ ᠽᠢ ᠪᠠᠭᠤᠷᠢ ᠪᠠ ᠰᠢᠷᠬᠤᠰᠤ ᠶᠢᠨ ᠪᠠᠭᠤᠷᠢ ᠨᠢ ᠰᠢᠨ᠎ᠡ ᠨᠢᠭᠡ ᠪᠦᠯᠦᠭ ᠤᠨ ᠤᠯᠤᠰ ᠤᠨ ᠬᠠᠭᠤᠴᠢ ᠰᠤᠳᠤᠯᠤᠯ ᠪᠣᠯᠬᠤ ᠪᠠᠭᠤᠷᠢ ᠶᠢᠨ | ᠴᠡᠴᠡᠷᠯᠢᠭ ᠤᠨ ᠨᠡᠷᠡᠰ ᠲᠤ ᠰᠤᠩᠭᠤᠭᠳᠠᠪᠠ᠂ ᠡᠨᠡ ᠪᠣᠯ ᠮᠠᠨ ᠤ ᠣᠷᠣᠨ ᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠦᠷᠢᠶᠡᠨ ᠳᠠᠬᠢ ᠨᠢᠭᠡᠨ ᠲᠣᠮᠣ ᠶᠠᠪᠤᠳᠠᠯ᠂ | ᠪᠠᠶᠠᠷᠲᠤ ᠶᠠᠪᠤᠳᠠᠯ ᠪᠣᠯᠣᠨ᠎ᠠ᠂ ᠡᠨᠡ ᠨᠢ ᠥᠪᠥᠷ ᠮᠣᠩᠭᠤᠯ ᠳᠤ ᠲᠣᠮᠣ ᠪᠠᠭᠤᠷᠢ ᠶᠢ ᠬᠠᠮᠠᠭᠠᠯᠠᠵᠤ ᠠᠰᠢᠭᠯᠠᠬᠤ ᠠᠵᠢᠯ ᠳᠠᠬᠢᠨᠳᠠ ᠰᠢᠨ᠎ᠡ ᠳᠡᠭᠲᠡᠷ ᠲᠤ ᠭᠠᠷᠴᠤ᠂ | ᠳᠠᠬᠢᠨᠲᠠ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠥᠪᠥᠷ ᠮᠣᠩᠭᠤᠯ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠣᠭᠲᠠᠯᠴᠠᠭ᠎ᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠠ ᠲᠣᠮᠣ ᠪᠠᠭᠤᠷᠢ ᠶᠢᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠯᠲᠠ᠂ ᠪᠠᠭᠤᠷᠢ ᠶᠢᠨ ᠳᠡᠯᠭᠡᠨ ᠦᠵᠡᠭᠦᠯᠭᠡ᠂ ᠨᠡᠭᠡᠭᠡᠨ ᠬᠥᠭᠵᠢᠭᠦᠯᠬᠦ | ᠦᠢᠯᠡᠴᠢᠯᠡᠭᠡ ᠵᠡᠷᠭᠡ ᠲᠠᠯ᠎ᠠ ᠳᠤ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠤᠮᠠᠷᠠᠲᠤ ᠬᠢᠯᠢ ᠶᠢᠨ ᠰᠣᠶᠣᠯ ᠢ ᠭᠦᠨᠵᠡᠭᠡᠢ ᠰᠤᠳᠤᠯᠬᠤ ᠪᠠ ᠨᠡᠶᠢᠭᠡᠮ ᠠᠵᠤ ᠠᠬᠤᠢ ᠶᠢ | ᠬᠥᠭᠵᠢᠭᠦᠯᠬᠦ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ︾ ᠭᠡᠵᠡᠢ᠃ | ᠰᠢᠷᠬᠤᠰᠤ ᠶᠢᠨ ᠪᠠᠭᠤᠷᠢ ᠨᠢ ᠣᠷᠳᠣᠰ ᠬᠤᠲᠠ ᠶᠢᠨ ᠦᠦᠰᠢᠨ ᠬᠤᠰᠢᠭᠤᠨ ᠳᠤ ᠪᠠᠶᠢᠷᠢᠯᠠᠵᠤ᠂ ᠳᠤᠮᠳᠠᠳᠤ ᠤᠯᠤᠰ ᠤᠨ ᠬᠠᠮᠤᠭ ᠡᠷᠲᠡ ᠢᠯᠡᠷᠡᠭᠦᠯᠦᠭᠰᠡᠨ ᠪᠠ | ᠨᠡᠭᠡᠭᠡᠨ ᠮᠠᠯᠲᠠᠭᠰᠠᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠶᠢᠨ ᠨᠢᠭᠡ ᠪᠣᠯᠣᠨ᠎ᠠ᠃ ᠴᠡᠴᠡᠷᠯᠢᠭ ᠤᠨ ᠲᠥᠯᠦᠪᠵᠢᠭᠦᠯᠭᠡ ᠶᠢᠨ ᠶᠡᠷᠦᠩᠬᠡᠢ ᠲᠠᠯᠠᠪᠠᠶ | ᠨᠢ 1577.76 ᠾᠧᠺᠲ᠋ᠠᠷ ᠪᠠᠶᠢᠵᠤ᠂ ᠪᠠᠭᠤᠷᠢ ᠶᠢᠨ ᠣᠷᠣᠨ ᠳᠤ ᠣᠲᠣ ᠠᠴᠠ 10 ᠲᠦᠮᠡ ᠠᠴᠠ 5 ᠲᠦᠮᠡᠨ ᠵᠢᠯ ᠤᠨ ᠡᠮᠦᠨᠡᠬᠢ ︽ᠪᠣᠷᠣᠳᠣᠬᠤᠢ ᠶᠢᠨ ᠬᠥᠮᠥᠨ︾ | ᠤ ᠴᠢᠯᠠᠭᠤᠵᠢᠮᠠᠯ ᠪᠠ ᠵᠢᠵᠢᠭ ᠴᠢᠯᠠᠭᠤᠨ ᠵᠡᠪᠰᠡᠭ ᠵᠢᠴᠢ ᠬᠥᠬᠦᠲᠡᠨ ᠠᠮᠢᠲᠠᠨ ᠤ ᠡᠯᠪᠡᠭ ᠪᠠᠶᠠᠯᠢᠭ ᠴᠢᠯᠠᠭᠤᠵᠢᠮᠠᠯ ᠢ ᠢᠯᠡᠷᠡᠭᠦᠯᠵᠡᠢ᠂ ᠡᠨᠡ ᠪᠣᠯ ᠬᠠᠭᠤᠴᠢᠨ | ᠴᠢᠯᠠᠭᠤᠨ ᠵᠡᠪᠰᠡᠭ ᠤᠨ ᠦᠶ᠎ᠡ ᠶᠢᠨ ᠳᠤᠮᠳᠠ ᠰᠡᠭᠦᠯᠴᠢ ᠦᠶ᠎ᠡ ᠳᠠᠬᠢ ᠵᠡᠭᠦᠨ ᠠᠽᠢᠶ᠎ᠠ ᠶᠢᠨ ᠡᠷᠲᠡᠨ ᠤ ᠬᠥᠮᠥᠨ ᠲᠥᠷᠥᠯᠬᠢᠲᠡᠨ ᠤ ᠤᠯᠠᠷᠢᠯ ᠬᠤᠪᠢᠰᠤᠯ᠂ ᠣᠷᠣᠰᠢᠨ | ᠠᠮᠢᠳᠤᠷᠠᠬᠤ ᠣᠷᠴᠢᠨ ᠲᠣᠭᠤᠷᠢᠨ ᠪᠠ ᠤᠮᠠᠷᠠᠲᠤ ᠶᠢᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠰᠣᠶᠣᠯ ᠤᠨ ᠣᠯᠠᠨ ᠶᠠᠩᠵᠤᠲᠤ ᠴᠢᠨᠠᠷ ᠵᠢᠴᠢ | ᠬᠥᠭᠵᠢᠯᠲᠡ ᠶᠢᠨ ᠴᠢᠬᠤᠯᠠ ᠭᠡᠷᠡᠴᠢ ᠪᠠᠷᠢᠮᠲᠠ ᠪᠣᠯᠣᠨ᠎ᠠ᠃ | ᠥᠪᠥᠷ ᠮᠣᠩᠭᠤᠯ ᠣᠷᠣᠨ ᠤ ᠬᠠᠮᠤᠭ ᠤᠨ ᠪᠦᠷᠢᠨ ᠪᠦᠲᠦᠨ ᠬᠠᠳᠠᠭᠠᠯᠠᠭᠳᠠᠭᠰᠠᠨ᠂ ᠦᠷᠭᠦᠯᠵᠢᠯᠡᠨ ᠬᠡᠷᠡᠭᠯᠡᠭᠳᠡᠭᠰᠡᠨ ᠴᠠᠭ ᠢᠶᠠᠷ ᠬᠠᠮᠤᠭ ᠤᠨ ᠤᠷᠳᠤ | ᠡᠷᠲᠡᠨ ᠤ ᠬᠤᠳᠠ ᠶᠢᠨ ᠪᠠᠭᠤᠷᠢ ᠶᠢᠨ ᠨᠢᠭᠡ ᠪᠣᠯᠤᠭᠰᠠᠨ ᠬᠤᠷᠢᠨᠭᠡᠷ ᠤᠨ ᠲᠦ᠋ ᠴᠧᠩ ᠽᠢ ᠪᠠᠭᠤᠷᠢ ︵ᠪᠠᠰᠠ ᠱᠧᠩ ᠯᠸ ᠡᠷᠲᠡᠨ ᠤ ᠬᠤᠳᠠ︶ ᠨᠢ ᠴᠦᠨ ᠴᠢᠦ ᠠᠴᠠ | ᠯᠢᠶᠣᠤ ᠤᠯᠤᠰ ᠠᠯᠲᠠᠨ ᠤᠯᠤᠰ ᠶᠤᠸᠠᠨ ᠤᠯᠤᠰ ᠬᠦᠷᠲᠡᠯᠡᠬᠢ ᠬᠤᠭᠤᠴᠠᠭ᠎ᠠ ᠶᠢ ᠰᠤᠨᠳᠠᠯᠠᠵᠤ᠂ 2000 ᠭᠠᠷᠤᠢ ᠵᠢᠯ ᠤᠨ ᠲᠡᠦᠬᠡ ᠶᠢ ᠲᠤᠭᠤᠯᠤᠨ᠂ ᠵᠦᠩᠶᠤᠸᠠᠨ | ᠣᠷᠣᠨ ᠤ ᠲᠠᠷᠢᠶᠠᠯᠠᠬᠤ ᠪᠣᠯᠪᠠᠰᠤᠨ ᠪᠠ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠠᠭᠤᠰᠤᠯᠴᠠᠭᠰᠠᠨ ᠥᠩᠭᠡᠷᠡᠯᠲᠡ ᠶᠢ ᠭᠡᠷᠡᠴᠢᠯᠡᠵᠡᠢ᠃ ᠲᠣᠰ ᠪᠠᠭᠤᠷᠢ ᠨᠢ | 2017 ᠣᠨ ᠳᠤ ᠭᠤᠷᠪᠠᠳᠤᠭᠠᠷ ᠪᠦᠯᠦᠭ ᠤᠨ ᠤᠯᠤᠰ ᠤᠨ ᠬᠠᠭᠤᠴᠢ ᠰᠤᠳᠤᠯᠤᠯ ᠪᠣᠯᠬᠤ ᠪᠠᠭᠤᠷᠢ ᠶᠢᠨ ᠴᠡᠴᠡᠷᠯᠢᠭ ᠤᠨ ᠲᠥᠷᠥᠯ ᠵᠦᠢᠯ ᠤᠨ ᠨᠡᠷᠡᠰ ᠲᠤ | ᠵᠢᠭᠰᠠᠭᠠᠭᠳᠠᠵᠤ᠂ ᠬᠠᠮᠠᠭᠠᠯᠠᠯᠲᠠ ᠲᠠᠢ ᠦᠵᠡᠭᠦᠯᠭᠡ ᠶᠢᠨ ᠢᠨᠵᠧᠨᠧᠷᠢᠩ ᠢ ᠣᠲᠣ ᠶᠠᠭ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠂ ᠢᠷᠡᠭᠡᠳᠦᠢ ᠳᠤ ᠰᠢᠨᠵᠢᠯᠡᠬᠦ | ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ᠂ ᠵᠤᠭᠠᠴᠠᠯ ᠢ ᠨᠢᠭᠡ ᠴᠣᠭᠴᠠᠵᠢᠭᠤᠯᠤᠭᠰᠠᠨ ᠰᠣᠶᠣᠯ ᠤᠨ ᠪᠡᠯᠭᠡ ᠲᠡᠮᠳᠡᠭ ᠪᠣᠯᠭᠠᠨ ᠴᠣᠭᠴᠠᠯᠠᠬᠤ ᠪᠣᠯᠣᠨ᠎ᠠ᠃ |