6 ᠰᠠᠷ᠎ᠠ ᠶᠢᠨ 16 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠤᠰᠤ ᠠᠷᠪᠢᠯᠠᠬᠤ ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ | ᠬᠢᠵᠦ᠂ ᠤᠰᠤ ᠠᠷᠪᠢᠯᠠᠬᠤ ᠠᠵᠢᠯᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠶᠢᠨ ᠴᠢᠬᠤᠯᠠ | ᠱᠠᠭᠠᠷᠳᠠᠯᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠪᠦᠭᠦ ᠣᠷᠣᠨ ᠤ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠢ | ᠲᠥᠯᠥᠪᠵᠢᠭᠦᠯᠵᠦ᠂ ᠬᠥᠳᠡᠭᠡ ᠠᠵᠤ ᠠᠬᠤᠢ᠂ ᠠᠵᠤ ᠦᠢᠯᠡᠳᠪᠦᠷᠢ᠂ ᠬᠤᠲᠠ ᠪᠠᠯᠭᠠᠰᠤ᠂ ᠠᠮᠢ ᠠᠬᠤᠢ ᠵᠡᠷᠭᠡ ᠡᠯ᠎ᠡ ᠬᠦᠷᠢᠶᠡᠨ ᠤ ᠤᠰᠤ ᠠᠷᠪᠢᠯᠠᠬᠤ ᠶᠢ ᠪᠣᠳᠠᠲᠠᠢ | ᠠᠳᠬᠤᠵᠤ᠂ ᠬᠡᠪ ᠤᠨ ᠪᠤᠰᠤ ᠤᠰᠤ ᠶᠢ ᠡᠷᠭᠢᠯᠳᠦᠭᠦᠯᠦᠨ ᠠᠰᠢᠭᠯᠠᠬᠤ ᠶᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠲᠠᠷᠢᠶᠠᠯᠠᠩ ᠤᠨ ᠤᠰᠤᠯᠠᠯᠲᠠ᠂ | ᠭᠠᠵᠠᠷ ᠳᠣᠣᠷᠠᠬᠢ ᠤᠰᠤ ᠶᠢ ᠬᠠᠮᠠᠭᠠᠯᠠᠬᠤ ᠲᠠᠢ ᠬᠤᠯᠪᠣᠯᠳᠤᠭᠤᠯᠵᠤ᠂ ᠨᠢᠭᠡ ᠲᠠᠯ᠎ᠠ ᠪᠠᠷ ᠤᠰᠤ ᠳᠤᠲᠠᠭᠳᠠᠬᠤ᠂ ᠨᠦᠭᠦᠭᠡ ᠲᠠᠯ᠎ᠠ ᠪᠠᠷ ᠤᠰᠤ ᠶᠢ ᠪᠦᠷᠢᠯᠭᠡᠨ | ᠰᠦᠢᠳᠬᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠭᠡᠷᠡᠭᠲᠡᠶ︔ᠤᠰᠤᠨ ᠤ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠪᠠ ᠤᠰᠤᠨ ᠤ ᠦᠨ᠎ᠡ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤᠨ ᠤ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠭᠡᠳᠡᠷᠭᠦ | ᠰᠢᠬᠠᠮᠳᠠᠭᠤᠯᠬᠤ ᠭᠡᠷᠡᠭᠲᠡᠢ︔ ᠣᠨ ᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠱᠠᠯᠠᠪᠳᠠᠨ ᠲᠦᠷᠭᠡᠨ ᠠᠵᠢᠯᠯᠠᠵᠤ᠂ ᠤᠰᠤ ᠠᠷᠪᠢᠯᠠᠬᠤ ᠢᠨᠵᠧᠨᠧᠷᠢᠩ ᠤᠨ | ᠪᠠᠷᠢᠯᠭ᠎ᠠ ᠡᠬᠢᠯᠡᠭᠰᠡᠨ ᠨᠤᠷᠮ᠎ᠠ ᠶᠢ ᠠᠩᠬᠠᠷᠬᠤ ᠪᠠᠷ ᠪᠠᠷᠠᠬᠤ ᠦᠭᠡᠢ ᠪᠠᠰᠠ ᠪᠠᠷᠢᠯᠭ᠎ᠠ ᠳᠠᠭᠤᠰᠤᠭᠰᠠᠨ ᠨᠤᠷᠮ᠎ᠠ ᠶᠢ ᠴᠤ ᠠᠩᠬᠠᠷᠴᠤ᠂ ᠪᠠᠷᠢᠯᠭ᠎ᠠ ᠡᠬᠢᠯᠡᠭᠰᠡᠨ ᠨᠤᠷᠮ᠎ᠠ ᠨᠢ | ᠬᠠᠭᠠᠰ ᠬᠦᠷᠬᠦ ᠦᠭᠡᠢ ᠭᠠᠵᠠᠷ ᠣᠷᠣᠨ ᠳᠤ ᠳᠠᠷᠤᠶᠢᠬᠠᠨ ᠡᠭᠦᠷᠭᠡ ᠪᠠᠭᠤᠯᠭᠠᠵᠤ᠂ ᠭᠤᠣᠯᠳᠠᠯᠭ᠎ᠠ ᠲᠠᠢ ᠠᠩᠬᠠᠷᠴᠤ᠂ ᠢᠯᠠᠩᠭᠤᠶ᠎ᠠ ᠤᠰᠤ ᠠᠷᠪᠢᠯᠠᠬᠤ ᠤᠬᠠᠮᠰᠠᠷ ᠢ | ᠡᠯ᠎ᠡ ᠭᠤᠭᠴᠤᠭ᠎ᠠ᠂ ᠡᠯ᠎ᠡ ᠴᠡᠭ ᠭᠠᠵᠠᠷ ᠲᠤ ᠨᠠᠶᠢᠳᠠᠪᠤᠷᠢᠵᠢᠭᠤᠯᠵᠤ᠂ ᠪᠦᠭᠦ ᠨᠡᠶᠢᠭᠡᠮ ᠳᠤ ᠤᠰᠤ ᠠᠷᠪᠢᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ | ᠪᠤᠯᠭᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤ ᠲᠦᠷᠦᠭᠦᠯᠡᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠭᠤᠣᠯᠳᠠᠭᠤ ᠪᠡᠯᠡ | ᠬᠤᠷᠠᠮᠳᠤᠭᠤᠯᠬᠤ ᠳᠤ ᠬᠦᠴᠢᠷ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠢᠷ ᠵᠡᠷᠭᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠲᠥᠪ ᠤᠨ ᠠᠵᠤ | ᠠᠬᠤᠶᠢᠯᠠᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠳᠠᠭᠤ ᠲᠦᠷᠦᠯ ᠵᠦᠢᠯ ᠤᠨ ᠠᠬᠢᠴᠠ ᠤᠳᠠᠭᠠᠨ ᠪᠠᠶᠢᠬᠤ᠂ ᠪᠡᠯᠡ ᠣᠷᠣᠭᠤᠯᠤᠯᠲᠠ ᠶᠢ | ᠪᠡᠶᠡᠯᠡᠭᠦᠯᠬᠦ ᠨᠤᠷᠮ᠎ᠠ ᠳᠣᠣᠷ᠎ᠠ ᠪᠠᠶᠢᠬᠤ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠭᠤᠣᠯᠳᠠᠭᠤ | ᠦᠢᠯᠡᠳᠪᠦᠷᠢᠯᠡᠯ ᠡᠵᠡᠩᠨᠡᠯᠲᠡ ᠶᠢ ᠨᠢ ᠲᠣᠭᠲᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠭᠤᠣᠯᠳᠠᠭᠤ ᠵᠠᠬ᠎ᠠ ᠳᠡᠯᠭᠡᠭᠦᠷ ᠢ ᠨᠢ ᠬᠠᠪᠰᠤᠷᠤᠨ | ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠠᠵᠢᠯ ᠣᠯᠭᠤᠯᠲᠠ ᠶᠢᠨ ᠨᠥᠬᠦᠪᠦᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠬᠠᠮᠢᠶᠠᠷᠤᠯᠲᠠ᠂ ᠬᠥᠯᠥᠰᠦᠨ ᠲᠠᠷᠢᠶᠠᠴᠢᠨ ᠤ ᠴᠠᠯᠢᠩ ᠢ ᠥᠷᠢᠲᠦᠵᠦ ᠪᠠᠶᠢᠬᠤ ᠠᠰᠠᠭᠤᠳᠠᠯ᠂ ᠠᠳᠠᠯ ᠠᠬᠤᠢ ᠶᠢᠨ ᠦᠢᠯᠡᠴᠢᠯᠡᠭᠡ᠂ ᠬᠤᠲᠠ | ᠪᠠᠯᠭᠠᠰᠤᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠲᠠᠯ᠎ᠠ ᠪᠠᠷ ᠣᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠢᠭᠡᠳ | ᠨᠢᠭᠡ ᠪᠠᠷ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ︽ᠨᠢᠭᠡ ᠱᠤᠭᠤᠮ︾ ᠤᠨ ᠲᠣᠭᠲᠠᠴᠠ ᠶᠣᠰᠣᠭᠠᠷ ᠠᠩᠬᠠᠷᠤᠨ ᠰᠢᠢᠳᠪᠦᠷᠢᠯᠡᠬᠦ ᠬᠡᠷᠡᠭᠲᠡᠢ᠃ | ᠨᠢᠭᠤᠵᠤ ᠳᠠᠯᠳᠠᠯᠠᠵᠤ ᠪᠤᠯᠬᠤ ᠦᠭᠡᠢ᠂ ᠭᠡᠯᠪᠡᠷᠢ ᠶᠢᠨ ᠲᠡᠳᠦᠢ ᠪᠠᠶᠢᠵᠤ ᠪᠤᠯᠬᠤ ᠦᠭᠡᠢ᠂ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ | 12345 ᠬᠠᠯᠠᠮᠰᠢᠯ ᠤᠲᠠᠰᠤ ᠶᠢ ᠰᠠᠶᠢᠲᠤᠷ ᠬᠡᠷᠡᠭᠯᠡᠵᠦ᠂ ᠬᠠᠲᠠᠭᠤ ᠲᠠᠢ ᠨᠢ ᠬᠠᠯᠳᠠᠵᠤ ᠭᠦᠨᠵᠡᠭᠡᠢ ᠵᠢᠭᠰᠠᠭᠠᠨ ᠪᠠᠶᠢᠴᠠᠭᠠᠬᠤ ᠬᠡᠷᠡᠭᠲᠡᠢ᠃ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠠᠵᠢᠯ ᠲᠥᠷᠥᠯ ᠳᠠᠷᠠᠭᠠᠯᠠᠨ ᠴᠠᠯᠢᠩ ᠥᠷᠢᠲᠦᠵᠦ ᠪᠠᠶᠢᠬᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠳᠠᠯ | ᠠᠬᠤᠢ ᠶᠢᠨ ᠦᠢᠯᠡᠴᠢᠯᠡᠭᠡ ᠪᠠᠷ ᠪᠦᠭᠦᠨ ᠢ ᠬᠠᠮᠤᠷᠬᠤ ᠪᠠᠷ ᠪᠠᠷᠠᠬᠤ ᠦᠭᠡᠢ᠂ ᠨᠡᠩ ᠴᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ︽ᠠᠰᠠᠭᠤᠳᠠᠯ ᠲᠠᠢ ᠪᠠᠷ | ᠠᠵᠢᠯᠯᠠᠵᠤ ᠪᠠᠶᠢᠭ᠎ᠠ︾ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠠᠯᠪᠠᠳᠠᠯᠭ᠎ᠠ ᠪᠠᠷ ᠠᠬᠢᠭᠤᠯᠵᠤ᠂ ᠰᠢᠲᠠᠮᠠᠬᠠᠢ ᠬᠡᠢ ᠶᠢᠨ ᠳᠠᠯᠳᠠ ᠭᠡᠮ ᠢ | ᠬᠥᠳᠡᠯᠦᠩᠭᠦᠢ ᠪᠠᠷ ᠠᠷᠢᠯᠭᠠᠵᠤ᠂ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠤ ᠬᠡᠷᠡᠭ ᠢ ᠴᠢᠩᠭ᠎ᠠ ᠪᠠᠶᠢᠴᠠᠭᠠᠨ ᠴᠢᠩᠭ᠎ᠠ ᠰᠢᠢᠳᠪᠦᠷᠢᠯᠡᠵᠦ᠂ ᠨᠢᠭᠡ ᠪᠦᠯᠦᠭ ᠬᠡᠷᠡᠭ | ᠢ ᠪᠠᠶᠢᠴᠠᠭᠠᠨ ᠰᠢᠢᠳᠪᠦᠷᠢᠯᠡᠬᠦ ᠪᠠᠷ ᠳᠠᠮᠵᠢᠨ ᠰᠦᠷ ᠬᠦᠴᠦᠲᠦ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠬᠢᠨᠠᠨ ᠬᠠᠮᠢᠶᠠᠷᠬᠤ ᠲᠠᠯ᠎ᠠ ᠶᠢᠨ ᠲᠣᠪᠣᠶᠢᠮ᠎ᠠ ᠠᠰᠠᠭᠤᠳᠠᠯ᠂ | ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠨᠡᠶᠢᠲᠡᠴᠢ ᠴᠢᠨᠠᠷᠲᠠᠢ ᠠᠰᠠᠭᠤᠳᠠᠯ ᠢ ᠦᠨᠳᠦᠰᠦ ᠰᠤᠷᠪᠤᠯᠵᠢ ᠠᠴᠠ ᠨᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ | ᠨᠢᠭᠡ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠨᠦᠭᠦᠭᠡ ᠲᠠᠯ᠎ᠠ ᠪᠠᠷ ᠲᠠᠭᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠲᠠᠪᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠶᠡᠷᠦᠩᠬᠡᠢ ᠲᠥᠰᠥᠯ ᠢ ᠰᠤᠳᠤᠯᠵᠤ᠂ ᠵᠡᠭᠦᠨ | ᠬᠤᠶᠢᠲᠤ ᠠᠽᠢᠶ᠎ᠠ᠂ ᠳᠤᠮᠳᠠ ᠠᠽᠢᠶ᠎ᠠ ᠶᠢᠨ ᠡᠯ᠎ᠡ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠦᠵᠡᠰᠭᠦᠯᠡᠩ ᠢ ᠪᠣᠳᠠᠲᠠᠢ ᠶᠢ ᠡᠷᠬᠢᠮᠯᠡᠨ᠂ ᠠᠷᠪᠢᠴᠢ | ᠭᠠᠮᠲᠠᠢ᠂ ᠨᠠᠷᠢᠨ ᠨᠢᠮᠪᠠᠢ ᠡᠷᠭᠢᠯᠡᠭᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠥᠷᠢ ᠥᠭᠴᠡᠭᠡ ᠶᠢᠨ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠲᠠᠭᠢᠨ | ᠪᠠᠶᠢᠭᠤᠯᠬᠤ ᠵᠡᠷᠭᠡ ᠠᠵᠢᠯ ᠢ ᠰᠤᠳᠤᠯᠪᠠ᠃ | |