6 ᠰᠠᠷ᠎ᠠ ᠶᠢᠨ 14 ᠤ ᠡᠳᠦᠷ᠂ 2025 ᠣᠨ ᠤ ︽ᠵᠠᠭᠤᠨ ᠬᠤᠳᠠ ᠮᠢᠩᠭᠠᠨ ᠰᠤᠷᠭᠠᠭᠤᠯᠢ ᠲᠦᠮᠡᠨ ᠠᠵᠤ ᠠᠬᠤᠶᠢᠯᠠᠯ︾ ᠠᠵᠢᠯ ᠣᠯᠭᠤᠯᠲᠠ ᠶᠢ | ᠠᠬᠢᠭᠤᠯᠬᠤ ᠰᠢᠷᠢᠰ ᠠᠵᠢᠯᠯᠠᠭ᠎ᠠ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠬᠦᠦᠳᠠᠭᠤᠯᠠ᠂ ᠠᠨ ᠷᠦᠨ ᠱᠧᠩ ᠣᠷᠣᠯᠴᠠᠵᠠᠢ᠃ | ᠠᠵᠢᠯᠯᠠᠭ᠎ᠠ ᠳᠤ ᠶᠡᠷᠦᠩᠬᠡᠢ ᠱᠦᠵᠢ ᠰᠢ ᠶᠢᠨ ᠫᠢᠩ ᠤᠨ ᠠᠵᠢᠯ ᠣᠯᠭᠤᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ | ᠰᠠᠶᠢᠲᠠᠢ ᠭᠦᠢᠴᠡᠳ ᠠᠵᠢᠯ ᠣᠯᠭᠤᠯᠲᠠ ᠶᠢ ᠳᠡᠮᠵᠢᠬᠦ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠣᠭᠤᠷᠢᠨ ᠳᠤ᠂ ᠠᠵᠢᠯᠲᠠᠨ ᠬᠡᠷᠡᠭᠯᠡᠬᠦ ᠬᠡᠷᠡᠭᠴᠡᠭᠡ ᠪᠣᠯᠣᠨ ᠠᠵᠢᠯ ᠡᠷᠢᠬᠦ ᠬᠦᠰᠡᠯ ᠡᠷᠡᠮᠡᠯᠵᠡᠯ ᠢ ᠵᠣᠯᠭᠠᠭᠤᠯᠬᠤ ᠲᠠᠪᠴᠠᠩ ᠢ ᠰᠢᠯᠢᠳᠡᠭᠵᠢᠭᠦᠯᠵᠦ᠂ ᠤᠨᠤᠪᠴᠢᠳᠠᠢ | ᠵᠣᠬᠢᠴᠠᠭᠤᠯᠤᠨ ᠵᠣᠯᠭᠠᠭᠤᠯᠬᠤ ᠶᠢ ᠪᠡᠶᠡᠯᠡᠭᠦᠯᠪᠡ᠃ | ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠠᠵᠢᠯᠴᠢᠨ ᠤ ᠶᠡᠷᠦᠩᠬᠡᠢ | ᠡᠪᠯᠡᠯ ᠬᠠᠮᠲᠤ ᠪᠠᠷ ᠡᠷᠭᠢᠯᠡᠪᠡ᠃ ᠡᠭᠢᠯᠡᠯᠲᠡ ᠶᠢᠨ ᠶᠣᠰᠣᠯᠠᠯ ᠳᠡᠭᠡᠷ᠎ᠡ᠂ 800 ᠭᠠᠷᠤᠢ ᠠᠵᠤ ᠠᠬᠤᠶᠢᠯᠠᠯ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠠᠵᠢᠯᠲᠠᠨ | ᠡᠯᠰᠡᠵᠦ᠂ 2 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ ᠤᠯᠠᠭᠠᠨᠬᠠᠳᠠ ᠬᠤᠲᠠ ᠠᠵᠢᠯᠲᠠᠨ ᠡᠯᠰᠡᠬᠦ ᠲᠤᠰᠬᠠᠢ ᠴᠤᠭᠯᠠᠭᠠᠨ ᠢ ᠵᠡᠷᠭᠡ ᠪᠠᠷ ᠡᠷᠭᠢᠯᠡᠪᠡ᠃ | |