ᠰᠢᠨ᠎ᠡ ᠪᠠᠷᠭᠤ ᠪᠠᠷᠠᠭᠤᠨ ᠬᠤᠰᠢᠭᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/18
      ᠣᠶᠢᠷ᠎ᠠ ᠳᠤ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠤᠯᠠᠷᠢᠯ ᠤᠨ ᠠᠵᠢᠯ ᠤᠨ ᠬᠤᠷᠠᠯ ᠤᠨ ᠳᠠᠷᠠᠭ᠎ᠠ᠂ ᠮᠠᠨ ᠤ ᠬᠤᠰᠢᠭᠤ 2025 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠢᠦᠢ ᠸᠧᠨ ᠴᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠧᠦ ᠬᠠᠢ ᠯᠢᠩ᠂ ᠢᠦᠢ ᠵᠥᠩ ᠯᠸᠢ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
6.18安全生产.png
      ᠬᠤᠷᠠᠯ ᠠᠴᠠ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠤᠯᠠᠷᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ︽1 + 3︾ ᠳᠦᠷᠢᠮ ᠤᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠣᠯᠳᠠᠯᠭ᠎ᠠ ᠲᠠᠢ ᠲᠤᠭ᠎ᠠ ᠪᠠᠷᠢᠮᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠵᠣᠷᠢᠭ ᠰᠠᠨᠠᠭᠠᠨ ᠤ ᠣᠶᠢᠯᠠᠭᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠡᠷᠬᠡᠪᠰᠢ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠶᠢᠨ ︽ᠬᠠᠰᠢᠯᠭ᠎ᠠ︾ ᠶᠢ ᠪᠠᠲᠤ ᠴᠣᠭᠴᠠᠯᠠᠬᠤ ᠬᠡᠷᠡᠭᠲᠡᠶ᠃ ᠦᠶᠡᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠦᠶᠡᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠤᠢᠢᠷ᠎ᠠ ᠶᠢᠨ ᠬᠤᠭᠤᠴᠠᠭᠠᠨ ᠤ ᠠᠵᠢᠯ ᠤᠨ ᠳᠤᠪᠤᠶᠢᠮ᠎ᠠ ᠪᠠᠶᠢᠷᠢᠨ ᠳᠤ ᠲᠠᠯᠪᠢᠵᠤ᠂ ᠦᠶᠡᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨᠬᠦ ᠴᠢᠩᠭ᠎ᠠ ᠠᠳᠬᠤᠨ᠂ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠢᠨᠠᠨ ᠬᠡᠮᠵᠢᠵᠦ ᠰᠡᠷᠭᠡᠶᠢᠯᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢ ᠴᠢᠩᠭ᠎ᠠ ᠠᠵᠢᠭᠯᠠᠨ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠷᠢᠯᠴᠠᠵᠤ᠂ ᠪᠣᠷᠣᠭᠠᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠢ᠃ ᠣᠬᠤᠷ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠶᠢ ᠴᠢᠩᠭᠠᠳᠬᠠᠬᠤ ᠶᠢᠨ ᠬᠠᠮᠲᠤ᠂ ᠰᠢᠷᠦᠭᠦᠨ ᠪᠣᠷᠣᠭᠠᠨ ᠲᠠᠢ ᠭᠠᠵᠠᠷ ᠣᠷᠣᠨ ᠳᠤ ᠦᠶᠡᠷ ᠢ ᠰᠡᠷᠭᠡᠶᠢᠯᠡᠬᠦ ᠪᠡᠯᠡᠳᠬᠡᠯ ᠬᠢᠬᠦ ᠶᠢ ᠴᠠᠭ ᠲᠤᠬᠠᠶ ᠳᠤᠨᠢ ᠰᠠᠨᠠᠭᠤᠯᠵᠤ᠂ ᠪᠠᠴᠢᠮ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤᠨᠢ ᠬᠦᠳᠡᠯᠦᠯᠴᠡᠬᠦ ᠶᠢᠨ ᠬᠠᠮᠲᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠬᠡᠷᠡᠭᠲᠡᠶ᠃ ᠷᠠᠳᠢᠣ᠋ ᠨᠡᠪᠲᠡᠷᠡᠭᠦᠯᠭᠡ᠂ ᠬᠠᠮ ᠵᠠᠭᠤᠴᠢᠯᠠᠭᠤᠷ ᠤᠨ ᠲᠠᠪᠴᠠᠩ᠂ ᠭᠠᠷ ᠤᠲᠠᠰᠤᠨ ᠤ ᠣᠬᠤᠷ ᠮᠡᠳᠡᠭᠡ᠂ ᠸᠢᠴᠠᠲ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ ᠭᠠᠴᠠᠭ᠎ᠠ ᠨᠡᠶᠢᠭᠡᠮ ᠲᠣᠭᠤᠷᠢᠭ᠂ ᠬᠥᠮᠦᠨ ᠪᠣᠯᠭᠠᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠶ ᠃ ᠬᠠᠮᠵᠢᠯᠴᠠᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠡ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠠᠮᠲᠤᠷᠠᠨ ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠲᠠᠳ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠤᠨ᠂ ᠦᠶᠡᠷ ᠢ ᠰᠡᠷᠭᠡᠶᠢᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ ᠳᠣᠭᠢᠷᠠᠭᠤᠯᠤᠨ᠂ ᠡᠯ᠎ᠡ ᠵᠦᠢᠯ ᠤᠨ ᠠᠵᠢᠯ ᠢ ᠴᠠᠭ ᠲᠤᠬᠠᠶ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠲᠦᠭᠰᠢᠭᠦᠷᠢ ᠶᠢᠨ ᠪᠠᠶᠢᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠂ ᠭᠠᠮᠰᠢᠭ ᠤᠨ ᠪᠠᠶᠢᠳᠠᠯ ᠢ ᠪᠦᠲᠦᠮᠵᠢᠲᠡᠶ ᠪᠠᠭᠠᠰᠬᠠᠵᠤ᠂ ᠬᠤᠬᠢᠷᠠᠯ ᠢ ᠪᠠᠭᠠᠰᠬᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠠᠬᠢᠨ ᠡᠮᠬᠢᠯᠡᠵᠦ᠂ ᠳᠠᠬᠢᠨ ᠵᠢᠭᠰᠠᠭᠠᠨ ᠪᠠᠶᠢᠴᠠᠭᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠳᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠᠨ ᠬᠠᠮᠢᠶᠠᠷᠤᠯᠲᠠ ᠭᠤᠷᠪᠠᠨ ᠡᠷᠬᠡᠪᠰᠢ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠱᠠᠯᠠᠪᠳᠠᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠭᠡᠵᠦ᠂ ᠰᠤᠮᠤ ᠪᠠᠯᠭᠠᠰᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ