ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠯᠬᠠᠪᠴᠢ ᠶᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/6/18
      ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠶ ᠶᠢ ᠤᠷᠢᠳᠠᠪᠠᠷ ᠪᠣᠳᠣᠯᠬᠢᠯᠠᠬᠤ ᠣᠶᠢᠯᠠᠭᠠᠭᠳᠠᠬᠤᠨ ᠶᠣᠰᠣᠭᠠᠷ᠂ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠠᠢ ᠬᠠᠮᠲᠤᠷᠠᠨ᠂ ︽ᠬᠠᠤᠯᠢ ᠬᠡᠷᠡᠭᠵᠢᠭᠦᠯᠬᠦ ᠤᠬᠠᠭᠤᠯᠭ᠎ᠠ︾ ᠶᠢᠨ ᠬᠤᠤᠰ ᠬᠦᠷᠳᠦ ᠪᠠᠷ ᠬᠥᠳᠡᠯᠭᠡᠭᠦᠷ ᠪᠣᠯᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ᠂ ᠠᠮᠢ ᠠᠬᠤᠶ ᠶᠢᠨ ᠭᠤᠤᠯ ᠣᠷᠣᠨ ᠤ ᠬᠠᠮᠢᠶᠠᠷᠤᠯᠲᠠ ᠬᠠᠮᠠᠭᠠᠯᠠᠯᠲᠠ ᠵᠢᠴᠢ ᠮᠠᠯ ᠪᠡᠯᠴᠢᠭᠡᠷ ᠤᠨ ᠲᠡᠩᠴᠡᠭᠦᠷᠢ ᠶᠢᠨ ᠬᠠᠮᠢᠶᠠᠷᠤᠯᠲᠠ ᠶᠢᠨ ᠠᠵᠢᠯ ᠢ ᠰᠢᠰᠲ᠋ᠧᠮ ᠲᠠᠢ ᠠᠬᠢᠭᠤᠯᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢᠨ ᠬᠠᠮᠲᠤ᠂ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠶᠢᠨ ᠰᠠᠭᠤᠷᠢ ᠶᠢ ᠰᠠᠬᠢᠨ ᠬᠠᠮᠠᠭᠠᠯᠠᠪᠠ᠃
6.18林草局.jpg
      ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠰᠦᠯᠵᠢᠶ᠎ᠡ ᠶᠢ ᠨᠢᠭᠲᠠ ᠰᠦᠯᠵᠢᠪᠡ᠃ ᠬᠠᠮᠲᠤᠷᠠᠨ ᠬᠠᠤᠯᠢ ᠬᠡᠷᠡᠭᠵᠢᠭᠦᠯᠬᠦ ᠳᠤᠭᠤᠶᠢᠯᠠᠩ ᠠᠮᠢ ᠠᠬᠤᠶ ᠶᠢᠨ ᠬᠠᠤᠯᠢ ᠬᠡᠷᠡᠭᠵᠢᠭᠦᠯᠬᠦ ᠪᠠᠷ ᠭᠠᠷᠳᠠᠨ ᠬᠢᠬᠦ ᠴᠡᠭ ᠪᠣᠯᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ᠂ ᠠᠮᠢ ᠠᠬᠤᠶ ᠶᠢᠨ ᠭᠤᠤᠯ ᠣᠷᠣᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠭᠤᠤᠯᠳᠠᠯᠭ᠎ᠠ ᠲᠠᠢ ᠣᠷᠣᠨ ᠪᠦᠰᠡ ᠵᠢᠴᠢ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠡᠪᠳᠡᠬᠦ ᠦᠢᠯᠡ ᠠᠵᠢᠯᠯᠠᠭ᠎ᠠ ᠠᠮᠠᠷᠬᠠᠨ ᠡᠭᠦᠰᠬᠦ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠱᠠᠯᠠᠪᠳᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ᠂ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ᠂ ᠣᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ᠂ ᠣᠶ ᠰᠢᠭᠤᠶ ᠶᠢᠨ ᠤᠷᠭᠤᠮᠠᠯ ᠤᠨ ᠪᠦᠷᠬᠦᠴᠡ ᠶᠢ ᠡᠪᠳᠡᠭᠰᠡᠨ ᠵᠡᠷᠭᠡ ᠨᠤᠲᠤᠭ ᠪᠡᠯᠴᠢᠭᠡᠷ ᠤᠨ ᠠᠮᠢ ᠠᠬᠤᠶ ᠶᠢ ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠬᠡ ᠲᠠᠩᠰᠠ ᠪᠠᠶᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ︽ᠪᠠᠶᠢᠴᠠᠭᠠᠬᠤ - ᠬᠠᠷᠢᠭᠤ ᠲᠤᠰᠬᠠᠬᠤ - ᠴᠡᠭᠴᠡᠯᠡᠨ ᠰᠠᠶᠢᠵᠢᠷᠠᠭᠤᠯᠬᠤ - ᠳᠠᠬᠢᠨ ᠪᠠᠶᠢᠴᠠᠭᠠᠬᠤ︾ ᠪᠢᠲᠡᠭᠦᠦ ᠴᠠᠭᠠᠷᠢᠭᠲᠤ ᠬᠠᠮᠢᠶᠠᠷᠤᠯᠲᠠ ᠶᠢ ᠪᠣᠶ ᠪᠣᠯᠭᠠᠵᠤ᠂ ᠬᠢᠨᠠᠯᠲᠠ ᠬᠠᠮᠢᠶᠠᠷᠤᠯᠲᠠ ᠳᠤ ᠥᠨᠴᠥᠭ ᠪᠤᠯᠤᠩ ᠥᠬᠡᠶ᠂ ᠠᠰᠠᠭᠤᠳᠠᠯ ᠳᠠᠬᠢᠨ ᠢᠯᠡᠷᠡᠬᠦ ᠥᠬᠡᠶ ᠪᠠᠶᠢᠬᠤ ᠶᠢ ᠦᠨᠡᠨᠬᠦ ᠪᠠᠲᠤᠯᠠᠪᠠ᠃      ᠨᠠᠷᠢᠯᠢᠭ ᠣᠨᠣᠪᠴᠢᠲᠠᠢ ᠪᠠᠷ ᠤᠬᠠᠭᠤᠯᠤᠨ ᠬᠥᠮᠦᠵᠢᠭᠦᠯᠵᠦ᠂ ᠠᠮᠢ ᠠᠬᠤᠶ ᠶᠢ ᠬᠠᠮᠠᠭᠠᠯᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠪᠡᠯᠴᠢᠭᠡᠷᠯᠡᠭᠦᠯᠬᠦ ᠶᠢ ᠵᠣᠭᠰᠣᠭᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠣᠶᠢᠲᠤ ᠭᠠᠵᠠᠷ ᠨᠤᠭᠤ ᠭᠠᠵᠠᠷ ᠢ ᠬᠠᠮᠠᠭᠠᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠮᠠᠯᠴᠢᠳ᠂ ᠺᠠᠳ᠋ᠷ ᠣᠯᠠᠨ ᠲᠦᠮᠡᠨ ᠳᠤ ᠬᠠᠨᠳᠤᠭᠤᠯᠤᠨ ᠣᠯᠠᠨ ᠲᠠᠰ ᠳᠠᠪᠬᠤᠷᠭ᠎ᠠ᠂ ᠪᠦᠬᠦᠨ ᠢ ᠬᠠᠮᠤᠷᠤᠭᠰᠠᠨ ᠤᠬᠠᠭᠤᠯᠭ᠎ᠠ ᠶᠢ ᠦᠷᠨᠢᠭᠦᠯᠪᠡ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠲᠤᠰᠬᠠᠶ ᠰᠡᠳᠦᠪᠲᠦ ᠪᠣᠯᠪᠠᠰᠤᠷᠠᠯ ᠬᠢᠬᠦ᠂ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠬᠤ ᠵᠡᠷᠭᠡ ᠬᠡᠯᠪᠡᠷᠢ ᠪᠠᠷ ᠳᠠᠮᠵᠢᠨ᠂ ᠨᠤᠲᠤᠭ ᠪᠡᠯᠴᠢᠭᠡᠷ᠂ ᠣᠶ ᠰᠢᠭᠤᠶ᠂ ᠨᠤᠭᠤ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠵᠢᠴᠢ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠬᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠶᠢᠨ ᠬᠤᠤᠷ ᠬᠥᠨᠥᠭᠡᠯ ᠢ ᠭᠦᠨᠵᠡᠭᠡᠶ ᠲᠣᠳᠣᠷᠬᠠᠶᠢᠯᠠᠨ ᠦᠭᠦᠯᠡᠪᠡ︔ ᠺᠠᠳ᠋ᠷᠴᠤᠳ ᠢ ᠵᠣᠬᠢᠶᠠᠨ ᠪᠠᠶᠢᠭᠤᠯᠤᠨ ᠮᠠᠯᠵᠢᠬᠤ ᠣᠷᠣᠨ ᠳᠤ ᠬᠦᠷᠴᠦ ᠮᠠᠯᠵᠢᠬᠤ ᠡᠷᠦᠬᠡ ᠳᠤ ᠬᠦᠷᠴᠦ ᠮᠠᠯ ᠪᠡᠯᠴᠢᠭᠡᠷ ᠤᠨ ᠲᠡᠩᠴᠡᠭᠦᠷᠢ ᠶᠢ ᠬᠢᠨᠠᠨ ᠲᠣᠭᠲᠠᠭᠠᠬᠤ ᠪᠠᠷᠢᠮᠵᠢᠶ᠎ᠠ ᠪᠠ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠣᠶᠢᠲᠤ ᠭᠠᠵᠠᠷ᠂ ᠨᠤᠭᠤ ᠭᠠᠵᠠᠷ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠮᠠᠯ ᠬᠠᠷᠢᠭᠤᠯᠬᠤ᠂ ᠠᠮᠢ ᠠᠬᠤᠶ ᠶᠢ ᠬᠠᠮᠠᠭᠠᠯᠠᠬᠤ ᠣᠶᠢᠯᠠᠭᠠᠭᠳᠠᠬᠤᠨ ᠢ ᠪᠣᠶ ᠪᠣᠯᠭᠠᠵᠤ᠂ ᠠᠮᠢ ᠠᠬᠤᠶ ᠶᠢ ᠡᠪᠳᠡᠬᠦ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠪᠠᠭᠠᠰᠬᠠᠪᠠ᠃      ᠤᠷᠳᠤ ᠬᠤᠭᠤᠴᠠᠭᠠᠨ ᠤ ᠪᠦᠲᠦᠮᠵᠢᠲᠡᠢ ᠵᠠᠰᠠᠬᠤ ᠲᠣᠭᠲᠠᠴᠠ ᠶᠢ ᠪᠠᠶᠢᠭᠤᠯᠪᠠ᠃ ᠬᠠᠤᠯᠢ ᠬᠡᠷᠡᠭᠵᠢᠭᠦᠯᠦᠨ ᠰᠦᠷᠳᠡᠭᠦᠯᠬᠦ ᠪᠠ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠵᠡᠷᠭᠡᠪᠡᠷ ᠴᠢᠬᠤᠯᠠᠴᠢᠯᠠᠨ᠂ ᠣᠯᠠᠨᠲᠠ ᠰᠤᠷᠭᠠᠪᠠᠴᠤ ᠦᠯᠦ ᠵᠠᠰᠠᠷᠠᠬᠤ ᠲᠣᠭᠲᠠᠭᠠᠯ ᠠᠴᠠ ᠵᠥᠷᠢᠴᠡᠨ ᠮᠠᠯ ᠮᠠᠯᠵᠢᠬᠤ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠡᠪᠳᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠰᠡᠷᠡᠮᠵᠢᠯᠡᠭᠦᠯᠬᠦ ᠦᠷ᠎ᠡ ᠪᠦᠲᠦᠮᠵᠢ ᠶᠢ ᠪᠤᠢ ᠪᠣᠯᠭᠠᠪᠠ︔ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠬᠤ ᠵᠡᠷᠭᠡ ᠠᠮᠢ ᠠᠬᠤᠶ ᠪᠠᠷ ᠨᠥᠬᠦᠷᠰᠡᠭ ᠬᠡᠯᠪᠡᠷᠢ ᠶᠢᠨ ᠦᠢᠯᠡᠳᠪᠦᠷᠢᠯᠡᠯ ᠤᠨ ᠵᠠᠭᠪᠤᠷ ᠪᠠ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠡᠷᠭᠡᠪᠡᠷ ᠳᠡᠯᠭᠡᠷᠡᠭᠦᠯᠵᠦ᠂ ᠮᠠᠯᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠮᠢ ᠠᠬᠤᠶ ᠶᠢ ᠰᠡᠷᠭᠦᠭᠡᠨ ᠬᠠᠮᠠᠭᠠᠯᠠᠬᠤ ᠶᠢ ᠠᠬᠢᠭᠤᠯᠵᠤ᠂ ᠠᠮᠢ ᠠᠬᠤᠶ ᠶᠢ ᠬᠠᠮᠠᠭᠠᠯᠠᠬᠤ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠶᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠤᠲᠤᠭ ᠪᠡᠯᠴᠢᠭᠡᠷ᠂ ᠣᠶ ᠰᠢᠭᠤᠶ᠂ ᠨᠤᠭᠤ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ