ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠤᠬᠠᠭᠤᠯᠭ᠎ᠠ ᠬᠢᠭᠡᠳ ᠲᠠᠷᠢᠶᠠᠯᠠᠩ ᠤᠨ ᠮᠠᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/18
      ᠡᠨᠡ ᠵᠢᠯ ᠤᠨ 6 ᠳ᠋ᠤᠭᠠᠷ ᠰᠠᠷ᠎ᠠ ᠪᠣᠯ ᠪᠦᠬᠦ ᠤᠯᠤᠰ ᠤᠨ 24 ᠳ᠋ᠦ᠋ᠭᠡᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠮᠦᠨ᠂ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠨ᠎ᠠ - ᠳᠡᠷᠭᠡᠳᠡᠬᠢ ᠠᠮᠤᠷ ᠲᠦᠪᠰᠢᠨ ᠤ ᠳᠠᠯᠳᠠ ᠭᠡᠮ ᠢ ᠡᠷᠢᠬᠦ︾ ᠪᠠᠷ ᠭᠤᠣᠯ ᠰᠡᠳᠦᠪ ᠪᠣᠯᠭᠠᠪᠠ᠃ 6 ᠰᠠᠷ᠎ᠠ ᠶᠢᠨ 17 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠢᠳᠡᠪᠬᠢᠲᠡᠶ ᠬᠥᠳᠡᠯᠦᠯᠴᠡᠵᠦ᠂ ᠬᠠᠤᠯᠢ ᠬᠡᠷᠡᠭᠵᠢᠭᠦᠯᠬᠦ ᠠᠵᠢᠯᠲᠠᠳ ᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠮᠠᠰᠢᠨ ᠤ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠲᠠ ᠶᠢᠨ ᠡᠳᠦᠷ︾ ᠤᠨ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠲᠠᠷᠢᠶᠠᠯᠠᠩ ᠤᠨ ᠮᠠᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠬᠢᠵᠦ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ ᠶᠤᠮ᠃
6.18农牧.png
      ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠲᠠ ᠶᠢᠨ ᠡᠳᠦᠷ︾ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠮᠤᠷ ᠲᠦᠪᠰᠢᠨ ᠤ ᠤᠷᠢᠶ᠎ᠠ ᠯᠣᠽᠦ᠋ᠩ ᠨᠠᠭᠠᠬᠤ᠂ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠬᠦᠷᠭᠡᠬᠦ ᠵᠡᠷᠭᠡ ᠠᠷᠭ᠎ᠠ ᠪᠠᠷᠢᠯ ᠢᠶᠠᠷ ᠳᠠᠮᠵᠢᠨ᠂ ᠮᠠᠯᠴᠢᠨ ᠲᠠᠷᠢᠶᠠᠴᠢᠳ ᠲᠤ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠠᠶᠤᠯᠭᠦᠶ ᠠᠵᠢᠯᠯᠠᠬᠤ ᠮᠡᠳᠡᠯᠭᠡ ᠶᠢ ᠲᠦᠭᠡᠮᠡᠯᠵᠢᠭᠦᠯᠵᠦ᠂ ︽ᠭᠤᠷᠪᠠᠨ ᠭᠡᠷᠡᠴᠢ ᠦᠨᠡᠮᠯᠡᠯ ᠥᠬᠡᠶ︾ ᠲᠷᠠᠺᠲ᠋ᠣᠷ ᠤᠨ ᠬᠤᠤᠷ ᠬᠥᠨᠥᠭᠡᠯᠲᠦ ᠴᠢᠨᠠᠷ ᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠠᠰᠠᠭᠤᠳᠠᠯ ᠢ ᠬᠦᠯᠢᠴᠡᠩᠭᠦᠶ ᠬᠠᠷᠢᠭᠤᠯᠪᠠ᠃ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠤᠬᠠᠭᠤᠯᠭ᠎ᠠ ᠶᠢᠨ ︽ᠲᠠᠪᠤ ᠳᠤ ᠣᠷᠣᠭᠤᠯᠬᠤ︾ ᠠᠵᠢᠯ ᠢ ᠶᠡᠬᠡᠪᠡᠷ ᠥᠷᠨᠢᠭᠦᠯᠵᠦ᠂ ︽ᠳᠡᠷᠭᠡᠳᠡᠬᠢ ᠠᠮᠤᠷ ᠲᠦᠪᠰᠢᠨ ᠤ ᠳᠠᠯᠳᠠ ᠭᠡᠮ ᠢ ᠡᠷᠢᠬᠦ︾ ᠭᠤᠣᠯ ᠡᠭᠦᠷᠭᠡ ᠶᠢᠨ ᠲᠣᠭᠤᠷᠢᠨ ᠳᠤ᠂ ᠲᠠᠷᠢᠶᠠᠯᠠᠩ ᠤᠨ ᠮᠠᠰᠢᠨ ᠪᠠᠭᠠᠵᠢ ᠳᠤ ᠭᠡᠷᠡᠯ ᠣᠶᠢᠬᠤ ᠲᠡᠮᠳᠡᠭ ᠢ ᠨᠠᠭᠠᠵᠤ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠠᠮᠤᠷ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠶᠡᠭᠡ ᠠᠩᠭᠢ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠣᠶ ᠰᠢᠭᠤᠶ ᠶᠢᠨ ᠲᠠᠯᠠᠪᠠᠶ ᠳᠤ ᠲᠠᠷᠢᠶᠠᠯᠠᠩ ᠤᠨ ᠮᠠᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠥᠷᠨᠢᠭᠦᠯᠪᠡ᠃ ᠰᠣᠷᠢᠯᠲᠠ ᠨᠢ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠶᠠᠪᠤᠴᠠ ᠳᠤ ᠮᠥᠷᠭᠦᠯᠳᠦᠭᠰᠡᠨ ᠠᠳᠡᠯ ᠭᠠᠷᠤᠭᠰᠠᠨ ᠦᠵᠡᠭᠳᠡᠯ ᠢ ᠳᠠᠭᠤᠷᠢᠶᠠᠵᠤ᠂ ᠠᠳᠡᠯ ᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ᠂ ᠲᠤᠬᠠᠶ ᠶᠢᠨ ᠲᠠᠯᠠᠪᠤᠷ ᠲᠤ ᠠᠪᠤᠷᠠᠨ ᠲᠤᠰᠠᠯᠠᠬᠤ ᠠᠴᠠ ᠠᠳᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠭᠤᠭᠴᠤᠭ᠎ᠠ ᠬᠦᠷᠲᠡᠯ᠎ᠡ᠂ ᠡᠯ᠎ᠡ ᠳᠤᠭᠤᠶᠢᠯᠠᠩ ᠤᠨ ᠠᠵᠢᠯ ᠤᠨ ᠬᠤᠪᠢᠶᠠᠷᠢᠯᠠᠯ ᠲᠣᠳᠣᠷᠬᠠᠶ᠂ ᠬᠠᠮᠵᠢᠯᠴᠠᠭ᠎ᠠ ᠨᠢᠭᠲᠠ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ ᠠᠪᠤᠷᠠᠨ ᠲᠤᠰᠠᠯᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠰᠣᠷᠢᠯᠲᠠ ᠶᠢᠨ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠲᠤᠬᠠᠶ ᠶᠢᠨ ᠲᠠᠯᠠᠪᠤᠷ ᠲᠤ ᠪᠠᠶᠢᠭ᠎ᠠ ᠮᠠᠯᠴᠢᠨ ᠲᠠᠷᠢᠶᠠᠴᠢᠨ ᠣᠯᠠᠨ ᠲᠦᠮᠡᠨ ᠳᠤ ᠣᠨᠣᠪᠴᠢᠲᠠᠶ ᠲᠦᠷᠭᠡᠨ ᠠᠪᠤᠷᠠᠯᠳᠠ ᠶᠢᠨ ᠠᠷᠭ᠎ᠠ ᠪᠠ ᠠᠵᠢᠯᠯᠠᠭᠠᠨ ᠤ ᠶᠠᠪᠤᠴᠠ ᠶᠢ ᠳᠡᠯᠭᠡᠨ ᠦᠵᠡᠭᠦᠯᠵᠦ᠂ ᠣᠯᠠᠨ ᠲᠦᠮᠡᠨ ᠳᠤ ᠲᠠᠷᠢᠶᠠᠯᠠᠩ ᠤᠨ ᠮᠠᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠭᠤᠤᠯᠳᠠᠯᠭ᠎ᠠ ᠶᠢ ᠰᠢᠭᠤᠳ ᠣᠶᠢᠯᠠᠭᠠᠭᠤᠯᠪᠠ᠃      ᠲᠣᠰ ᠤᠳᠠᠭᠠᠨ ᠤ ᠠᠵᠢᠯᠯᠠᠭ᠎ᠠ ᠨᠢ 2 ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ ᠬᠥᠳᠡᠯᠭᠡᠵᠦ᠂ 10 ᠬᠠᠤᠯᠢ ᠬᠡᠷᠡᠭᠵᠢᠭᠦᠯᠬᠦ ᠠᠵᠢᠯᠲᠠᠨ ᠲᠣᠬᠢᠷᠠᠭᠤᠯᠤᠨ᠂ 70 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 30 ᠭᠠᠷᠤᠶ ᠵᠤᠷᠪᠤᠰ ᠭᠡᠷᠡᠯ ᠣᠶᠢᠬᠤ ᠬᠠᠭᠤᠳᠠᠰᠤ ᠨᠠᠭᠠᠵᠤ᠂ ᠠᠮᠤᠷ ᠲᠦᠪᠰᠢᠨ ᠤ ᠤᠬᠠᠭᠤᠯᠭ᠎ᠠ ᠬᠢᠭᠡᠳ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠳ ᠤᠨ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠠᠤᠯᠢ ᠬᠡᠷᠡᠭᠵᠢᠭᠦᠯᠬᠦ ᠠᠵᠢᠯᠲᠠᠨ ᠵᠢᠴᠢ ᠲᠠᠷᠢᠶᠠᠯᠠᠩ ᠤᠨ ᠮᠠᠰᠢᠨ ᠤ ᠠᠵᠢᠯᠲᠠᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠵᠤ ᠳᠡᠭᠡᠭᠰᠢᠯᠡᠭᠦᠯᠦᠨ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ︾ ᠣᠶᠢᠯᠠᠭᠠᠭᠳᠠᠬᠤᠨ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ