ᠸᠠᠩ ᠯᠢ ᠰᠢᠶᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠵᠢᠴᠢ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠬᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/18
       6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠵᠢᠴᠢ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠢᠮᠠᠭ ᠬᠤᠲᠠ ᠳᠠᠷᠠᠭᠠᠯᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢ ᠰᠣᠨᠣᠰᠴᠤ᠂ ᠠᠵᠢᠯ ᠢ ᠨᠢᠭᠡᠳ ᠨᠢᠭᠡ ᠪᠠᠷ ᠲᠣᠬᠢᠷᠠᠭᠤᠯᠤᠨ ᠪᠠᠶᠢᠷᠢᠯᠠᠭᠤᠯᠪᠠ᠃      ᠸᠠᠩ ᠯᠢ ᠰᠢᠶᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠣᠯ ᠥᠪᠥᠷ ᠮᠣᠩᠭᠤᠯ ᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠲᠤᠬᠠᠢ ᠨᠢᠭᠡ ᠤᠳᠠᠭ᠎ᠠ ᠶᠢᠨ ᠤᠯᠤᠰ ᠲᠥᠷᠥ ᠶᠢᠨ ᠪᠠᠶᠢᠴᠠᠭᠠᠯᠲᠠ ᠪᠣᠯᠣᠨ᠎ᠠ᠂ ᠡᠷᠬᠡᠪᠰᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠭᠦᠢᠴᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠶᠡᠷᠦᠩᠬᠡᠢ ᠱᠦᠵᠢ ᠶᠢᠨ ᠴᠢᠬᠤᠯᠠ ᠨᠠᠶᠢᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ︽ᠥᠨᠳᠥᠷ ᠡᠷᠭᠦᠵᠦ᠂ ᠬᠥᠩᠭᠡᠨ ᠢᠶᠠᠷ ᠲᠠᠯᠪᠢᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠢᠯᠠᠩᠭᠤᠶ᠎ᠠ ᠲᠦᠩᠯᠢᠶᠣᠣ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠰᠠᠭᠤᠳᠠᠯ ᠤᠨ ᠬᠦᠨᠳᠦ ᠨᠣᠴᠢᠲᠠᠢ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠪᠦᠭᠦ ᠣᠷᠣᠨ ᠳᠤ ᠡᠶᠢᠮᠦᠷᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ ᠢᠶᠠᠷ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠳᠦᠷᠢᠮ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃      ᠸᠠᠩ ᠯᠢ ᠰᠢᠶᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠵᠢᠴᠢ ᠬᠠᠷᠢᠭᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠬᠦ ᠳᠤ ᠡᠷᠬᠡᠪᠰᠢ ︽ᠨᠢᠭᠡ ᠲᠦᠷᠦᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠦᠨ︾ ᠵᠠᠳᠠᠯᠤᠯᠲᠠ ᠬᠢᠵᠦ᠂ ︽ᠲᠦᠷᠭᠡᠨ︾ ᠪᠥᠭᠡᠳ ︽ᠰᠠᠶᠢᠨ︾ ᠪᠠᠶᠢᠬᠤ ᠶᠢ ᠪᠡᠶᠡᠯᠡᠭᠦᠯᠬᠦ ᠬᠡᠷᠡᠭᠲᠡᠢ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠳᠤ ᠭᠦᠷ ᠬᠥᠭᠵᠢᠶᠡᠨ ᠲᠠᠢ ᠬᠢᠵᠦ᠂ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠳᠤ ᠠᠰᠠᠭᠤᠵᠤ ᠰᠣᠨᠢᠷᠬᠠᠬᠤ ᠬᠥᠮᠥᠨ ᠦᠭᠡᠢ ᠪᠠᠶᠢᠵᠤ ᠪᠤᠯᠬᠤ ᠦᠭᠡᠢ᠂ ︽ᠡᠮᠦᠨ᠎ᠡ ᠨᠢ ᠴᠢᠩᠭ᠎ᠠ ᠬᠤᠶᠢᠨ᠎ᠠ ᠨᠢ ᠰᠤᠯᠠ᠂ ᠬᠤᠶᠢᠷᠭᠤᠰᠢᠷᠠᠭᠤᠯᠤᠨ ᠤᠳᠠᠭᠠᠰᠢᠷᠠᠭᠤᠯᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠵᠤᠷᠪᠤᠰ ᠳᠠᠷᠠᠭᠠᠯᠠᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠴᠢᠩᠭ᠎ᠠ ᠬᠢᠨᠠᠨ ᠡᠵᠡᠮᠳᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠰᠢᠢᠳᠪᠦᠷᠢᠯᠡᠬᠦ ᠶᠠᠰᠤ ᠴᠢᠨᠠᠷ ᠪᠣᠯᠣᠨ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ ᠳᠡᠭᠡᠭᠰᠢᠯᠡᠭᠦᠯᠵᠦ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠬᠤ᠂ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠵᠤ᠂ ︽ᠣᠪ ᠮᠡᠭᠡ ᠭᠠᠷᠭᠠᠬᠤ᠂ ᠬᠤᠳᠠᠯ ᠬᠡᠯᠡᠵᠦ ᠬᠤᠯᠤ ᠲᠠᠷᠢᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠳᠤ ᠶᠠᠭᠤ ᠪᠠᠶᠢᠪᠠᠯ ᠶᠠᠭᠤ ᠶᠢ ᠯᠠ ᠶᠠᠷᠢᠵᠤ ᠪᠤᠯᠬᠤ ᠦᠭᠡᠢ᠂ ᠡᠷᠬᠡᠪᠰᠢ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠬᠦ ᠵᠡᠷᠭᠡ ᠨᠡᠶᠢᠲᠡᠯᠢᠭ ᠴᠢᠨᠠᠷᠲᠠᠢ ᠠᠰᠠᠭᠤᠳᠠᠯ ᠢ ᠪᠦᠭᠦ ᠣᠷᠣᠨ ᠳᠤ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠶᠢ ᠪᠠᠷᠢᠮᠲᠠᠯᠠᠵᠤ᠂ ︽ᠰᠠᠶᠢᠵᠢᠷᠠᠭᠤᠯᠬᠤ ᠶᠢᠨ ᠳᠠᠭᠠᠤ ᠵᠥᠷᠢᠴᠡᠬᠦ᠂ ᠰᠠᠶᠢᠵᠢᠷᠠᠭᠤᠯᠤᠭᠠᠳ ᠳᠠᠭᠢᠨ ᠵᠥᠷᠢᠴᠡᠬᠦ︾ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠵᠦᠢᠯ ᠤᠨ ᠬᠠᠷᠢᠭᠤᠴᠠᠯᠭ᠎ᠠ ᠲᠠᠢ ᠪᠠᠶᠢᠬᠤ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭᠠᠲᠠᠨ ᠨᠥᠬᠦᠳ ᠰᠡᠳᠬᠢᠯ ᠲᠠᠯᠪᠢᠨ ᠬᠠᠨᠳᠤᠵᠤ᠂ ᠰᠡᠳᠬᠢᠯ ᠲᠠᠯᠪᠢᠨ ᠬᠥᠳᠡᠯᠦᠯᠴᠡᠵᠦ᠂ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠳᠣᠲᠣᠷ᠎ᠠ ᠪᠠᠨ ᠲᠤᠭ᠎ᠠ ᠲᠠᠢ ᠪᠠᠶᠢᠵᠤ᠂ ︽ᠨᠢᠭᠡ ᠯᠡ ᠱᠤᠭᠤᠮ︾ ᠢᠶᠠᠷ ᠲᠤᠭᠤᠰᠢᠲᠠᠢ ᠠᠩᠬᠠᠷᠴᠤ᠂ ︽ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠬᠤᠭᠤᠰᠤᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃      ᠲᠡᠷᠡ᠂ ᠴᠡᠭᠴᠡᠯᠡᠨ ᠰᠠᠶᠢᠵᠢᠷᠠᠭᠤᠯᠬᠤ ᠨᠢ ᠠᠵᠢᠯ ᠢᠶᠠᠨ ᠨᠠᠩ ᠰᠠᠶᠢᠲᠤᠷ ᠰᠠᠶᠢᠵᠢᠷᠠᠭᠤᠯᠤᠨ ᠳᠡᠭᠡᠭᠰᠢᠯᠡᠭᠦᠯᠭᠦ ᠶᠢᠨ ᠲᠥᠯᠥᠭᠡ ᠶᠤᠮ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠵᠢᠭᠠᠵᠤ ᠭᠠᠷᠭᠠᠭᠰᠠᠨ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠰᠠᠶᠢᠵᠢᠷᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ︽ᠨᠢᠭᠡ ᠲᠠᠯ᠎ᠠ ᠶᠢ ᠠᠳᠬᠤᠪᠠᠯ ᠨᠥᠭᠦᠭᠡ ᠲᠠᠯ᠎ᠠ ᠶᠢ ᠠᠯᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠣᠳᠣᠬᠠᠨ ᠳᠤ᠂ ᠲᠡᠮᠡᠴᠡᠬᠦ ᠵᠣᠷᠢᠭ ᠰᠠᠨᠠᠭ᠎ᠠ ᠪᠠ ᠠᠵᠢᠯᠯᠠᠬᠤ ᠡᠷᠴᠢ ᠵᠣᠷᠢᠭ ᠢᠶᠠᠨ ᠪᠠᠲᠤᠯᠠᠵᠤ᠂ ᠪᠦᠭᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠷᠭᠤᠭᠠᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠡᠯᠡ ᠣᠷᠣᠭᠤᠯᠤᠯᠲᠠ ᠶᠢᠨ ᠬᠠᠨᠳᠤᠰᠢ ᠶᠢ ᠪᠠᠲᠤᠯᠠᠵᠤ᠂ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠢᠷᠢ ᠲᠡᠩᠴᠡᠭᠰᠡᠨ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤᠯᠲᠠ ᠶᠢᠨ ᠬᠠᠭᠤᠳᠠᠰᠤ ᠪᠠ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠦᠨᠡᠨ ᠬᠦ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃     ᠶᠣᠣ ᠶᠦᠩ ᠪᠦᠸᠧ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ