ᠣᠶᠢᠷ᠎ᠠ ᠳᠤ᠂ ᠪᠥᠬᠦ ᠣᠷᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠬᠤ ᠳᠤᠭᠤᠶᠢᠯᠠᠩ ᠮᠠᠨ ᠤ | ᠬᠤᠰᠢᠭᠤᠨ ᠳᠤ ᠭᠦᠨᠵᠡᠭᠡᠶᠢᠷᠡᠨ᠂ ︽ᠪᠠᠶᠢᠴᠠᠭᠠᠬᠤ᠂ ᠰᠣᠨᠣᠰᠬᠤ᠂ ᠦᠵᠡᠬᠦ᠂ ᠶᠠᠷᠢᠯᠴᠠᠬᠤ︾ ᠵᠡᠷᠭᠡ ᠬᠡᠯᠪᠡᠷᠢ ᠪᠠᠷ ᠳᠠᠮᠵᠢᠨ᠂ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ | ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ | | | | ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠠᠮᠢᠲᠠᠨ ᠤ ᠲᠥᠪᠯᠡᠷᠡᠭᠦᠯᠦᠨ ᠦᠯᠦ | ᠬᠠᠯᠳᠠᠭᠠᠯᠲᠠ ᠬᠢᠬᠦ ᠶᠢ ᠠᠬᠢᠭᠤᠯᠵᠤ᠂ ᠮᠠᠯ ᠵᠢᠭᠦᠷᠲᠡᠨ ᠤ ᠦᠯᠦ ᠬᠠᠯᠳᠠᠭᠠᠯᠲᠠ ᠶᠢᠨ ᠨᠢᠭᠲᠠᠴᠠ ᠶᠢ 100% ᠳᠤ ᠬᠦᠷᠦᠭᠦᠯᠬᠦ ᠶᠢᠨ ᠬᠠᠮᠲᠤ᠂ ᠡᠭᠡᠯᠢᠯᠡᠭᠡ ᠶᠢᠨ ᠳᠠᠩᠰᠠ | ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠪᠡ︔ ᠪᠷᠦ᠋ᠼᠧᠯ ᠡᠪᠡᠳᠴᠢᠨ᠂ ᠪᠣᠭᠤᠮ᠎ᠠ ᠡᠪᠡᠳᠴᠢᠨ ᠵᠡᠷᠭᠡ ᠬᠥᠮᠦᠨ ᠪᠠ ᠮᠠᠯ ᠳᠤ ᠬᠠᠮᠲᠤ ᠪᠠᠷ ᠲᠤᠰᠳᠠᠭ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠬᠠᠭᠤᠯᠬᠤ᠂ ᠬᠢᠨᠠᠨ ᠬᠡᠮᠵᠢᠬᠦ ᠪᠠ ᠳᠠᠯᠳᠠ ᠭᠡᠮ ᠢ ᠰᠢᠢᠳᠪᠦᠷᠢᠯᠡᠬᠦ ᠶᠢ ᠴᠢᠩᠭᠠᠳᠬᠠᠪᠠ︔ | ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠦᠨᠡᠮᠯᠡᠯ ᠢ ᠵᠢᠷᠤᠮᠵᠢᠭᠤᠯᠵᠤ᠂ ᠮᠠᠯ ᠵᠢᠭᠦᠷᠲᠡᠨ ᠢ ᠨᠢᠲᠤᠯᠬᠤ ᠪᠦᠬᠦ ᠶᠠᠪᠤᠴᠠ ᠶᠢ ᠴᠢᠩᠭ᠎ᠠ ᠬᠠᠮᠢᠶᠠᠷᠪᠠ︔ ᠬᠢᠵᠢᠭ ᠤᠨ | ᠪᠠᠶᠢᠳᠠᠯ ᠢ ᠢᠯᠡᠴᠢᠯᠡᠨ ᠮᠡᠳᠡᠭᠦᠯᠵᠦ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠭᠡᠨ ᠴᠤᠤᠷᠢᠶᠠᠲᠤᠨ ᠳᠠᠭᠠᠬᠤ ᠶᠢ ᠪᠡᠶᠡᠯᠡᠭᠦᠯᠪᠡ︔ ᠬᠤᠨᠢᠨ ᠤ | ᠬᠠᠯᠳᠠᠪᠤᠷᠢᠲᠤ ᠴᠢᠨᠠᠷᠲᠠᠶ ᠴᠡᠭᠡᠵᠢᠨ ᠪᠦᠷᠬᠦᠪᠴᠢ ᠶᠢᠨ ᠠᠭᠤᠰᠬᠢᠨ ᠦᠷᠪᠢᠰᠦᠯ ᠵᠡᠷᠭᠡ ᠬᠢᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠵᠦ᠂ ᠪᠠᠶᠢᠴᠠᠭᠠᠬᠤ | ᠳᠤᠭᠤᠶᠢᠯᠠᠩ ᠤᠨ ᠵᠥᠪᠰᠢᠶᠡᠷᠡᠯ ᠢ ᠣᠯᠪᠠ᠃ ᠡᠭᠦᠨ ᠤ ᠬᠠᠮᠲᠤ᠂ ᠸᠠᠺᠼᠢᠨ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠡᠮᠬᠢ ᠵᠢᠷᠤᠮ ᠲᠠᠢ | ᠶᠠᠪᠤᠭᠳᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠦᠷᠭᠦᠯᠵᠢᠯᠡᠨ ᠴᠢᠩᠭᠠᠳᠬᠠᠵᠤ᠂ ᠬᠢᠵᠢᠭ ᠡᠪᠡᠳᠴᠢᠨ ᠢ ᠬᠢᠨᠠᠨ | ᠬᠡᠮᠵᠢᠬᠦ ᠪᠠ ᠰᠢᠯᠵᠢᠭᠦᠯᠦᠨ ᠲᠣᠬᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠡᠭᠡᠯᠢᠯᠡᠭᠡ ᠶᠢᠨ ᠦᠷ᠎ᠡ ᠳ᠋ᠦᠩ ᠵᠢᠴᠢ ᠡᠪᠡᠳᠴᠢᠨ ᠡᠭᠦᠰᠭᠡᠭᠴᠢ ᠶᠢᠨ ᠰᠤᠳᠤᠯᠤᠯ ᠤᠨ ᠰᠤᠭᠤᠴᠢᠨ ᠪᠠᠶᠢᠴᠠᠭᠠᠯᠲᠠ ᠶᠢ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠶᠣᠰᠣᠭᠠᠷ ᠥᠷᠨᠢᠭᠦᠯᠵᠦ᠂ ᠮᠠᠨ ᠤ ᠬᠤᠰᠢᠭᠤᠨ ᠤ ᠲᠡᠯᠡᠶ ᠰᠤᠮᠤ ᠪᠠ ᠪᠣᠭᠳᠠᠠᠭᠤᠯᠠ ᠰᠤᠮᠤ ᠶᠢ ᠰᠤᠭᠤᠴᠢᠨ ᠪᠠᠶᠢᠴᠠᠭᠠᠵᠤ᠂ ᠠᠳᠠᠯᠢ ᠪᠤᠰᠤ ᠮᠠᠯ᠂ | ᠲᠡᠵᠢᠭᠡᠨ ᠦᠷᠡᠵᠢᠭᠦᠯᠬᠦ ᠡᠷᠦᠬᠡ ᠳᠤ ᠥᠯᠢᠭᠡᠷ ᠠᠪᠴᠤ ᠰᠢᠯᠭᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠰᠢᠯᠢᠳᠡᠭᠵᠢᠭᠦᠯᠬᠦ ᠳᠤ ᠦᠨᠳᠦᠰᠦᠯᠡᠯ | ᠬᠠᠩᠭᠠᠪᠠ᠃ ᠪᠠᠶᠢᠴᠠᠭᠠᠬᠤ ᠳᠤᠭᠤᠶᠢᠯᠠᠩ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠬᠦᠷᠦᠯᠴᠡᠬᠦ ᠦᠭᠡᠢ ᠲᠠᠯ᠎ᠠ ᠪᠠᠨ ᠳᠠᠷᠦ᠋ᠢᠬᠠᠨ ᠵᠠᠰᠠᠨ ᠴᠡᠭᠴᠡᠯᠡᠵᠦ᠂ ᠠᠮᠢᠲᠠᠨ ᠤ | ᠬᠢᠵᠢᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠮᠠᠯ ᠠᠵᠤ ᠠᠬᠤᠶ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | |